ᠬᠡᠷᠡᠭᠯᠡᠭᠡ ᠪᠤᠯ ᠠᠵᠦ ᠠᠬᠤᠢ ᠶᠢᠨ ᠨᠡᠮᠡᠭᠳᠡᠯ ᠤᠨ ᠰᠠᠭᠤᠷᠢ ᠮᠦᠨ᠃ 2024 ᠤᠨ ᠳᠤ ᠬᠢᠨᠭ᠍ᠭᠠᠨ ᠠᠶᠢᠮᠠᠭ ᠤᠨ | ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠪᠦᠬᠦ ᠲᠠᠯ᠎ᠠ ᠶᠢ ᠲᠦᠯᠦᠪᠵᠢᠬᠦᠯᠬᠦ᠂ ᠭᠤᠤᠯᠳᠠᠯᠭ᠎ᠠ ᠶᠢ | ᠠᠳᠬᠤᠬᠤ᠂ ᠤᠨᠴᠠᠯᠢᠭ ᠢ ᠡᠬᠦᠳᠬᠦ ᠶᠢ ᠪᠠᠷᠢᠮᠳᠠᠯᠠᠨ᠂ ᠰᠢᠷᠢᠰ ᠬᠡᠷᠡᠭᠯᠡᠬᠡᠨ ᠤ ᠲᠦᠷᠦ ᠶᠢᠨ ᠪᠤᠳᠤᠯᠭ᠎ᠠ | ᠭᠠᠷᠭᠠᠬᠰᠠᠨ ᠠᠴᠠ ᠢᠯᠡᠷᠬᠡᠢ ᠦᠷ᠎ᠡ ᠪᠦᠳᠦᠮᠵᠢ ᠤᠯᠵᠦ᠂ ᠪᠦᠬᠦ ᠠᠶᠢᠮᠠᠬ ᠤᠨ ᠬᠡᠷᠡᠭᠯᠡᠬᠡᠨ ᠤ ᠵᠠᠬ᠎ᠠ ᠲᠡᠯᠬᠡᠬᠦᠷ | ᠶᠡᠷᠦᠩᠭᠡᠢ ᠳᠡᠭᠡᠨ ᠳᠤᠭᠳᠠᠭᠤᠨ ᠢᠶᠠᠷ ᠬᠦᠭᠵᠢᠵᠤ ᠠᠮᠢᠵᠢᠷᠠᠯ ᠤᠨ ᠬᠦᠴᠦᠨ ᠢᠶᠠᠷ ᠪᠢᠯᠬᠠᠵᠠᠢ᠃ | ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽2024 ᠤᠨ ᠤ ᠬᠢᠨᠭ᠍ᠭᠠᠨ | ᠠᠶᠢᠮᠠᠭ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠶᠢᠨ ᠪᠠᠶᠢᠭᠤᠯᠤᠯᠳᠠ ᠶᠢ ᠬᠡᠷᠡᠭᠵᠢᠬᠦᠯᠬᠦ ᠶᠢ | ᠠᠬᠢᠭᠤᠯᠬᠤ ᠲᠦᠰᠦᠪ ︾ ᠵᠢᠴᠢ ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠡᠬᠦᠷᠬᠡ ᠶᠢᠨ ᠨᠠᠷᠢᠨ | ᠲᠠᠩᠰᠠ ᠳᠤ ᠵᠠᠰᠠᠪᠦᠷᠢ ᠤᠷᠤᠭᠤᠯᠤᠨ᠂ ᠠᠶᠢᠮᠠᠭ ᠤᠨ ᠲᠡᠰ ᠤᠨ 8 ᠲᠠᠯ᠎ᠠ ᠶᠢᠨ ᠭᠤᠤᠯᠳᠠᠯᠭ᠎ᠠ ᠲᠠᠢ ᠡᠬᠦᠷᠬᠡ ᠶᠢᠨ 38 | ᠵᠦᠢᠯ ᠳᠤ ᠲᠤᠬᠢᠷᠠᠭᠤᠯᠦᠯᠳᠡ ᠬᠢᠵᠦ᠂ ᠤᠳᠤ ᠪᠦᠬᠦᠨ ᠢ ᠲᠠᠭᠤᠰᠬᠠᠬᠰᠠᠨ ᠪᠠᠶᠢᠨ᠎ᠠ᠃ | 2024 ᠤᠨ ᠳᠤ᠂ ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ | ᠭᠠᠳᠠᠭᠠᠳᠤ ᠠᠷᠠᠯᠵᠢᠶᠠᠨ ᠤ ᠬᠤᠯᠪᠤᠭᠠᠳᠤ ᠬᠤᠷᠠᠯ ᠪᠠ ᠭᠠᠳᠠᠭᠠᠳᠤ ᠪᠡᠯᠡ ᠶᠢᠨ ᠠᠵᠦ ᠠᠬᠤᠶᠢᠯᠠᠯ ᠤᠨ ᠬᠤᠷᠠᠯ ᠢ 6 | ᠤᠳᠠᠭ᠎ᠠ ᠬᠤᠷᠠᠯᠳᠤᠭᠤᠯᠵᠠᠢ᠃ ᠪᠦᠬᠦ ᠠᠶᠢᠮᠠᠭ ᠤᠨ ᠭᠠᠳᠠᠭᠠᠳᠤ ᠠᠷᠠᠯᠵᠢᠶ᠎ᠠ ᠶᠢᠨ ᠠᠵᠢᠯ ᠤᠨ ᠰᠠᠭᠤᠳᠠᠯ ᠤᠨ ᠬᠤᠷᠠᠯ | ᠵᠢᠴᠢ ᠲᠤᠬᠠᠶᠢᠯᠠᠬᠰᠠᠨ ᠠᠵᠢᠯ ᠤᠨ ᠶᠡᠷᠦᠩᠭᠡᠶᠢᠯᠡᠭᠰᠡᠨ ᠬᠡᠷᠡᠭᠯᠡᠯᠳᠡ ᠶᠢᠨ ᠴᠢᠳᠠᠪᠦᠷᠢ ᠶᠢ ᠲᠡᠭᠡᠭᠰᠢᠯᠡᠬᠦᠯᠬᠦ ᠪᠤᠯᠪᠠᠰᠦᠷᠠᠯ ᠢ | 1 ᠬᠤᠭᠤᠴᠠᠭ᠎ᠠ ᠡᠷᠬᠢᠯᠡᠵᠦ᠂ ᠨᠡᠶᠢᠳᠡ 300 ᠭᠠᠷᠦᠢ ᠬᠦᠮᠦᠨ ᠤᠷᠤᠯᠴᠠᠵᠠᠢ᠃ ᠬᠢᠯᠢ ᠠᠯᠦᠰᠯᠠᠬᠰᠠᠨ ᠡᠯᠧᠺᠲᠷᠤᠨ | ᠬᠤᠳᠠᠯᠳᠤᠭᠠᠴᠢᠨ ᠬᠦᠮᠦᠵᠢᠬᠦᠯᠬᠦ ᠰᠠᠭᠤᠷᠢᠨ ᠭᠠᠵᠠᠷ ᠢ ᠪᠠᠶᠢᠭᠤᠯᠵᠦ᠂ ᠬᠢᠯᠢ ᠠᠯᠦᠰᠯᠠᠬᠰᠠᠨ ᠡᠯᠧᠺᠲᠷᠤᠨ | ᠬᠤᠳᠠᠯᠳᠤᠭᠠᠨ ᠤ ᠴᠢᠳᠠᠪᠦᠷᠢᠳᠠᠨ ᠤ ᠪᠤᠯᠪᠠᠰᠦᠷᠠᠯ ᠢ 4 ᠬᠤᠭᠤᠴᠠᠭ᠎ᠠ ᠦᠷᠨᠢᠬᠦᠯᠵᠦ᠂ 100 ᠭᠠᠷᠦᠢ ᠬᠦᠮᠦᠨ ᠳᠤ | ᠪᠤᠯᠪᠠᠰᠦᠷᠠᠯ ᠬᠦᠷᠳᠡᠭᠡᠵᠦ᠂ 40 ᠡᠵᠡᠩᠨᠡᠯᠳᠡ ᠶᠢᠨ ᠭᠤᠤᠯ ᠴᠤᠬᠴᠠ ᠶᠢ ᠬᠦᠮᠦᠵᠢᠬᠦᠯᠵᠡᠢ᠃ RCEP ︵ | ᠤᠷᠤᠨ ᠪᠦᠰᠡ ᠶᠢᠨ ᠪᠦᠬᠦ ᠲᠠᠯ᠎ᠠ ᠶᠢᠨ ᠠᠵᠦ ᠠᠬᠤᠢ ᠶᠢᠨ ᠠᠨᠳᠠ ᠶᠢᠨ ᠬᠠᠷᠢᠴᠠᠭ᠎ᠠ ᠶᠢᠨ ᠵᠦᠪᠯᠡᠯᠴᠡᠭᠡᠷ ︶ᠤᠯᠠᠨ | ᠤᠯᠤᠰ ᠤᠨ ᠵᠠᠬ᠎ᠠ ᠲᠡᠯᠬᠡᠬᠦᠷ ᠢ ᠦᠷᠬᠦᠯᠵᠢᠯᠡᠨ ᠦᠷᠭᠡᠳᠬᠡᠵᠦ᠂ ᠺᠧ ᠴᠢᠨ ᠸᠠᠨ ᠵᠢᠶᠠ᠂ ᠲᠧ ᠮᠤ ᠮᠠᠯᠵᠢᠯ ᠤᠨ | ᠦᠢᠯᠡᠰ ᠵᠡᠷᠭᠡ ᠭᠠᠳᠠᠭᠠᠳᠤ ᠠᠷᠠᠯᠵᠢᠶᠠᠨ ᠤ ᠠᠵᠦ ᠠᠬᠤᠶᠢᠯᠠᠯ ᠤᠨ ᠭᠠᠳᠠᠬᠰᠢ ᠭᠠᠷᠭᠠᠬᠤ ᠬᠡᠪᠴᠢᠶ᠎ᠡ ᠲᠠᠰᠦᠷᠠᠯᠳᠠ | ᠦᠬᠡᠢ ᠦᠷᠭᠡᠳᠴᠡᠢ᠃ | ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠶᠢᠨ ᠢᠳᠡᠪᠬᠢᠳᠡᠢ | ᠴᠢᠷᠮᠠᠶᠢᠯᠭ᠎ᠠ ᠪᠠᠷ᠂ ᠷᠠᠰᠢᠶᠠᠨ ᠪᠤᠭᠤᠮᠳᠠ ᠶᠢᠨ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠠᠷᠠᠳ ᠤᠨ | ᠠᠷᠠᠯᠵᠢᠶᠠᠨ ᠤ ᠵᠠᠬ᠎ᠠ ᠲᠡᠯᠬᠡᠬᠦᠷ 4 ᠰᠠᠷ᠎ᠠ ᠶᠢᠨ 1 ᠤ ᠡᠳᠦᠷ ᠡᠵᠡᠩᠨᠡᠯᠳᠡ ᠬᠢᠵᠦ᠂ ᠭᠤᠯᠢᠷ᠂ ᠢᠳᠡᠰᠢᠨ ᠲᠤᠰᠤ | ᠵᠡᠷᠭᠡ 14 ᠲᠦᠷᠦᠯ ᠤᠨ ᠲᠠᠸᠠᠷ ᠤᠨ ᠰᠤᠯᠢᠯᠴᠠᠭ᠎ᠠ ᠬᠢᠬᠦ ᠶᠢ ᠪᠡᠶᠡᠯᠡᠬᠦᠯᠵᠦ᠂ 1.6 ᠲᠦᠮᠡᠨ ᠬᠢᠯᠢ ᠶᠢᠨ ᠠᠷᠠᠳ | ᠠᠷᠠᠯᠵᠢᠶᠠᠨ ᠤ ᠵᠠᠬ᠎ᠠ ᠲᠡᠯᠬᠡᠬᠦᠷ ᠤᠨ ᠠᠷᠠᠯᠵᠢᠶᠠᠨ ᠳᠤ ᠤᠷᠤᠯᠴᠠᠵᠠᠢ᠃ | ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠰᠢᠨ᠎ᠠ ᠤᠨ ᠢᠶᠠᠨ | ᠤᠬᠳᠤᠬᠤ᠂ ᠲᠤᠯᠠᠭᠠᠨ ᠬᠠᠪᠦᠷ᠂ ᠬᠠᠯᠠᠭᠤᠨ ᠵᠤᠨ᠂ ᠰᠢᠷᠭᠠᠯ ᠨᠠᠮᠦᠷ᠂ ᠮᠦᠡᠭᠬᠦᠨ ᠡᠪᠦᠯ ︾ ᠲᠠᠪᠦᠨ ᠬᠡᠷᠡᠭᠯᠡᠬᠡᠨ ᠤ | ᠤᠯᠠᠷᠢᠯ ᠢᠶᠠᠷ ᠭᠤᠤᠯ ᠰᠡᠳᠤᠪ ᠪᠤᠯᠭᠠᠵᠦ᠂ ᠬᠠᠷᠠᠭᠠᠯᠵᠠᠯ ᠦᠵᠡᠬᠦᠯᠬᠦ᠂ ᠠᠮᠳᠠᠳᠤ ᠢᠳᠡᠬᠡᠨ ᠤ ᠤᠷᠤᠯᠳᠤᠭᠠᠨ ᠵᠡᠷᠭᠡ | ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 900 ᠭᠠᠷᠦᠢ ᠲᠠᠯᠠᠪᠦᠷ ᠦᠷᠨᠢᠬᠦᠯᠵᠦ᠂ | ᠭᠤᠤᠯᠳᠠᠯᠭ᠎ᠠ ᠲᠠᠢ ᠠᠵᠢᠯ ᠲᠦᠷᠦᠯ ᠤᠨ ᠰᠡᠷᠬᠦᠯᠳᠡ ᠶᠢᠨ ᠴᠢᠨᠠᠷᠳᠠᠢ ᠨᠡᠮᠡᠭᠳᠡᠯ ᠢ ᠪᠡᠶᠡᠯᠡᠬᠦᠯᠵᠡᠢ᠃ ᠬᠠᠭᠤᠴᠢᠨ | ᠬᠡᠷᠡᠭᠯᠡᠬᠡᠨ ᠤ ᠪᠤᠳᠠᠰ ᠢᠶᠠᠷ ᠰᠢᠨ᠎ᠠ ᠶᠢ ᠰᠤᠯᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠵᠠᠰᠠᠭ ᠤᠨ ᠤᠷᠳᠤᠨ ᠠᠵᠦ ᠠᠬᠤᠶᠢᠯᠠᠯ ᠬᠤᠯᠪᠤᠭᠠᠯᠠᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠦᠷᠢᠯᠠᠵᠦ᠂ | ᠪᠦᠬᠦ ᠠᠶᠢᠮᠠᠭ ᠤᠨ 200 ᠭᠠᠷᠦᠢ ︽ᠬᠠᠭᠤᠴᠢᠨ ᠢᠶᠠᠷ ᠰᠢᠨ᠎ᠠ ᠶᠢ ᠰᠤᠯᠢᠬᠤ ︾ ᠪᠤᠷᠤᠯᠠᠭᠤᠯᠭ᠎ᠠ ᠶᠢᠨ ᠠᠵᠦ | ᠠᠬᠤᠶᠢᠯᠠᠯ ᠤᠷᠤᠯᠴᠠᠵᠦ᠂ 1.2 ᠳ᠋ᠦᠡᠭᠰᠢᠭᠤᠷ ᠲᠦᠬᠦᠷᠢᠭ ᠤᠨ ᠨᠦᠬᠦᠪᠦᠷᠢ ᠲᠠᠷᠬᠠᠭᠠᠵᠦ᠂ ᠪᠠᠷᠤᠭ 8.4 | ᠳ᠋ᠦᠡᠭᠰᠢᠭᠤᠷ ᠲᠦᠬᠦᠷᠢᠭ ᠤᠨ ᠬᠡᠷᠡᠭᠯᠡᠭᠡ ᠶᠢ ᠲᠠᠶᠢᠴᠢᠯᠠᠵᠠᠢ᠃ | ᠠ ᠯᠢ ᠪᠠ ᠪᠠ᠂ ᠵᠢᠩ ᠳ᠋ᠦᠩ᠂ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠲᠡᠪᠴᠡᠩ ᠤᠨ | ᠲᠠᠪᠠᠭᠤᠯᠢᠭ ᠲᠤ ᠲᠦᠰᠢᠭᠯᠡᠨ᠂ ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ | ᠮᠢᠩᠭᠠᠨ ᠬᠦᠮᠦᠨ ᠪᠠᠷᠠᠭ᠎ᠠ ᠬᠤᠳᠠᠯᠳᠤᠨ᠂ ᠲᠦᠮᠡᠨ ᠬᠦᠮᠦᠨ ᠤ ᠤᠷᠤᠯᠭ᠎ᠠ ᠶᠢ ᠨᠡᠮᠡᠭᠳᠡᠬᠦᠯᠬᠦ᠂ ᠳ᠋ᠦᠡᠭᠰᠢᠭᠤᠷ | ᠲᠦᠬᠦᠷᠢᠭ ᠤᠨ ᠪᠤᠷᠤᠯᠠᠭᠤᠯᠭ᠎ᠠ ᠶᠢ ᠡᠬᠦᠳᠬᠦ ︾ ᠲᠤᠰᠬᠠᠢ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ | ᠡᠯᠧᠺᠲᠷᠤᠨ ᠬᠤᠳᠠᠯᠳᠤᠭᠠᠨ ᠤ ᠲᠦᠷᠦᠯ ᠲᠡᠮᠳᠡᠭ ᠤᠨ ᠪᠠᠶᠢᠭᠤᠯᠤᠯᠳᠠ ᠶᠢᠨ ᠵᠤᠯᠭᠠᠯᠴᠠᠭᠠᠨ ᠤ ᠬᠤᠷᠠᠯ᠂ ᠰᠢᠯᠢᠳᠡᠭ | ᠪᠠᠷᠠᠭ᠎ᠠ ᠪᠠᠷ ᠠᠶᠢᠮᠠᠭ ᠢᠶᠠᠨ ᠬᠦᠴᠦᠷᠭᠡᠭᠵᠢᠬᠦᠯᠬᠦ ᠡᠯᠧᠺᠳ᠋ᠷᠤᠨ ᠬᠤᠳᠠᠯᠳᠤᠭᠠᠨ ᠤ ᠰᠠᠷ᠎ᠠ ᠵᠡᠷᠭᠡ ᠠᠵᠢᠯᠯᠠᠭ᠎ᠠ ᠶᠢ 210 | ᠭᠠᠷᠦᠢ ᠲᠠᠯᠠᠪᠦᠷ ᠦᠷᠨᠢᠬᠦᠯᠵᠡᠢ᠃ ᠡᠯᠧᠺᠲᠷᠤᠨ ᠬᠤᠳᠠᠯᠳᠤᠭ᠎ᠠ ᠶᠢ ᠲᠦᠬᠡᠮᠡᠯᠵᠢᠬᠦᠯᠬᠦ᠂ ᠲᠡᠭᠡᠭᠰᠢᠯᠡᠬᠦᠯᠬᠦ ᠵᠡᠷᠭᠡ | ᠲᠤᠰᠬᠠᠢ ᠪᠤᠯᠪᠠᠰᠦᠷᠠᠯ ᠢ 10 ᠬᠤᠭᠤᠴᠠᠭ᠎ᠠ ᠦᠷᠨᠢᠬᠦᠯᠵᠦ 1500 ᠭᠠᠷᠦᠢ ᠬᠦᠮᠦᠨ ᠳᠤ ᠪᠤᠯᠪᠠᠰᠦᠷᠠᠯ ᠬᠦᠷᠳᠡᠬᠡᠵᠦ᠂ | ︽ᠬᠢᠨᠭ᠍ᠭᠠᠨ ᠤ ᠤᠨᠴᠠ ᠭᠠᠷᠦᠯᠳᠠ ᠶᠢᠨ ᠤᠷᠳᠤᠨ ︾᠂ ︽ᠵᠠᠯᠠᠶᠢᠳ ᠲᠤ ᠢᠷᠡᠵᠦ ᠰᠢᠯᠢᠳᠡᠭ ᠪᠠᠷᠠᠭ᠎ᠠ | ᠰᠤᠩᠭᠤᠬᠤ ︾ ᠵᠡᠷᠭᠡ ᠡᠯᠧᠺᠲᠷᠤᠨ ᠬᠤᠳᠠᠯᠳᠤᠭᠠᠨ ᠤ ᠪᠤᠷᠤᠯᠠᠭᠤᠯᠭ᠎ᠠ ᠶᠢᠨ ᠲᠡᠪᠴᠡᠩ 5 ᠪᠠᠶᠢᠭᠤᠯᠵᠠᠢ᠃ | ᠡᠬᠦᠨ ᠤ ᠬᠠᠮᠳᠤ᠂ ᠬᠢᠨᠭ᠍ᠭᠠᠨ ᠠᠶᠢᠮᠠᠭ ᠢᠶᠠᠷ ᠨᠤᠳᠤᠬᠳᠠᠢ ᠡᠯᠧᠺᠲᠷᠤᠨ ᠬᠤᠳᠠᠯᠳᠤᠭᠠᠨ ᠤ ᠠᠵᠦ ᠠᠬᠤᠶᠢᠯᠠᠯ ᠢ | ᠬᠢᠨᠭ᠍ᠭᠠᠨ ᠠᠶᠢᠮᠠᠭ ᠲᠤ ᠦᠢᠯᠡᠰ ᠪᠤᠰᠬᠠᠬᠤ ᠶᠢ ᠤᠷᠢᠵᠦ᠂ ᠬᠤᠰᠢᠭᠤ ᠰᠢᠶᠠᠨ ᠬᠤᠳᠠ ᠶᠢᠨ ᠰᠦᠯᠵᠢᠶᠡᠨ ᠤᠳᠤ | ᠪᠤᠯᠤᠨ ᠭᠤᠤᠯᠳᠠᠯᠭ᠎ᠠ ᠲᠠᠢ ᠰᠤᠮᠤ ᠰᠢᠶᠠᠩ ᠪᠠᠯᠭᠠᠰᠦ ᠶᠢ ᠰᠤᠩᠭᠤᠨ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠠᠢ᠃ | ᠭᠤᠤᠯ ᠤᠳᠤᠷᠢᠳᠬᠤ ᠠᠵᠦ ᠦᠢᠯᠡᠰ ᠤᠨ ᠲᠠᠪᠠᠭᠤᠯᠢᠭ ᠲᠤ ᠰᠠᠭᠤᠷᠢᠯᠠᠨ ︽ᠬᠦᠷᠢᠶ᠎ᠡ ᠬᠠᠰᠢᠶ᠎ᠠ ᠶᠢᠨ ᠠᠵᠦ ᠠᠬᠤᠢ | + ᠰᠢᠭᠤᠳ ᠨᠡᠪᠳᠡᠷᠡᠬᠦᠯᠬᠡ ᠡᠯᠧᠺᠲᠷᠤᠨ ᠬᠤᠳᠠᠯᠳᠤᠭ᠎ᠠ ︾ ᠶᠢᠨ ᠵᠠᠬᠪᠦᠷ ᠢᠶᠠᠷ ᠬᠢᠨᠭ᠍ᠭᠠᠨ ᠠᠶᠢᠮᠠᠭ ᠤᠨ | ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠬᠦᠨ ᠢ ᠪᠤᠷᠤᠯᠠᠭᠤᠯᠬᠤ ᠪᠠ ᠮᠠᠯᠴᠢᠨ | ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠤ ᠬᠦᠴᠦᠨ ᠨᠡᠮᠡᠷᠢᠯᠡᠵᠦ᠂ 2024 ᠤᠨ ᠳᠤ᠂ ᠪᠦᠬᠦ ᠠᠶᠢᠮᠠᠭ ᠤᠨ | ᠰᠦᠯᠵᠢᠶᠡᠨ ᠤ ᠵᠢᠵᠢᠭᠯᠡᠨ ᠪᠤᠷᠤᠯᠠᠭᠤᠯᠤᠭᠰᠠᠨ ᠦᠷᠳᠡᠭ ᠨᠢ 15.35 ᠳ᠋ᠦᠡᠭᠰᠢᠭᠤᠷ ᠲᠦᠬᠦᠷᠢᠭ ᠲᠤ ᠲᠤᠯᠵᠠᠢ᠃ | ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ | ︽ᠲᠤᠰᠬᠠᠢ ᠮᠡᠷᠬᠡᠵᠢᠯᠳᠡᠨ ᠬᠦᠳᠡᠭᠡ ᠪᠠᠭᠤᠬᠤ ︾ ᠠᠵᠢᠯᠯᠠᠭ᠎ᠠ ᠵᠢᠴᠢ ᠦᠪᠦᠷ ᠮᠤᠩᠭᠤᠯ ᠤᠨ ᠰᠢᠶᠠᠨ ᠤ | ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢᠨ ᠪᠤᠯᠪᠠᠰᠦᠷᠠᠯ ᠢ ᠬᠢᠨᠭ᠍ᠭᠠᠨ | ᠠᠶᠢᠮᠠᠭ ᠲᠤ ᠬᠤᠷᠠᠯᠳᠤᠭᠤᠯᠪᠠ᠃ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤ ᠬᠤᠶᠠᠳᠤᠭᠠᠷ ᠪᠦᠯᠦᠭ ᠤᠨ | ᠪᠦᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ︽ᠬᠤᠰᠢᠭᠤᠴᠢ ᠰᠢᠶᠠᠨ ︾ ᠤ | ᠵᠢᠱᠢᠶ᠎ᠡ ᠶᠢᠨ ᠴᠤᠬᠯᠠᠷᠠᠯ ᠢᠶᠠᠷ ᠰᠤᠩᠭᠤᠬᠳᠠᠪᠠ᠃ ᠪᠦᠬᠦ ᠠᠶᠢᠮᠠᠭ ᠤᠨ 5 ᠬᠤᠰᠢᠭᠤ ᠰᠢᠶᠠᠨ ᠬᠤᠳᠠ ᠤᠯᠤᠰ ᠤᠨ | ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢᠨ ᠲᠤᠷᠰᠢᠯᠳᠠ ᠶᠢᠨ | ᠴᠡᠭ ᠤᠨ ᠡᠩᠨᠡᠬᠡᠨ ᠳᠤ ᠤᠷᠤᠵᠦ᠂ ᠬᠤᠰᠢᠭᠤ ᠰᠢᠶᠠᠨ ᠪᠦᠷᠢ 1000 ᠲᠦᠮᠡᠨ ᠲᠦᠬᠦᠷᠢᠭ ᠤᠷᠴᠢᠮ ᠤᠨ | ᠲᠦᠷᠦ ᠶᠢᠨ ᠪᠤᠳᠤᠯᠭ᠎ᠠ ᠶᠢᠨ ᠪᠡᠯᠡ ᠮᠦᠡᠭᠬᠦ ᠬᠦᠷᠳᠡᠵᠡᠢ᠃ | ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠬᠢᠨᠭ᠍ᠭᠠᠨ ᠤ ᠰᠠᠶᠢᠨ | ᠲᠠᠸᠠᠷ ᠢ ᠴᠠᠩᠴᠦ᠋ᠨ ᠤ ᠰᠢᠨ᠎ᠠ ᠵᠢᠯ ᠤᠨ ᠴᠤᠬᠯᠠᠭ᠎ᠠ ᠮᠠᠶᠢᠮᠠᠢ ᠳᠤ ᠤᠷᠤᠭᠤᠯᠬᠤ ᠴᠤᠬᠯᠠᠭᠠᠨ ᠵᠢᠴᠢ ᠰᠤᠯᠢᠯᠴᠠᠭ᠎ᠠ | ᠬᠠᠮᠵᠢᠯᠴᠠᠭᠠᠨ ᠤ ᠵᠤᠯᠭᠠᠯᠴᠠᠭ᠎ᠠ ᠶᠢᠨ ᠬᠤᠷᠠᠯ ︾︽ᠬᠢᠨᠭ᠍ᠭᠠᠨ ᠠᠶᠢᠮᠠᠭ · ᠭᠤᠸᠠᠩᠳᠦ᠋ᠩ ᠰᠢᠶᠠᠩᠭᠠᠩ ᠤᠤᠮᠸᠠ ᠤ | ᠲᠤᠮᠤ ᠪᠤᠯᠤᠩ ᠤᠨ ᠤᠷᠤᠨ ᠤ ᠪᠡᠯᠡ ᠤᠷᠤᠭᠤᠯᠤᠯᠳᠠ ᠶᠢᠨ ᠬᠠᠮᠵᠢᠯᠴᠠᠭ᠎ᠠ ᠶᠢ ᠵᠤᠯᠭᠠᠯᠴᠠᠭᠤᠯᠬᠤ ᠬᠤᠷᠠᠯ | ︾︽ᠦᠪᠦᠷ ᠮᠤᠩᠭᠤᠯ ᠤᠨ ᠦᠢᠯᠡᠳᠬᠦᠨ ᠪᠡᠬᠡᠵᠢᠩ ᠳᠤ ᠪᠤᠷᠤᠯᠠᠭᠤᠯᠭ᠎ᠠ ᠶᠢᠨ ᠠᠵᠦ ᠠᠬᠤᠶᠢᠯᠠᠯ ᠤᠨ ᠬᠤᠯᠪᠤᠭ᠎ᠠ | ᠪᠠᠶᠢᠭᠤᠯᠬᠤ ᠬᠤᠷᠠᠯ ︾ ᠵᠡᠷᠭᠡ ᠡᠵᠡᠩᠨᠡᠨ ᠪᠤᠷᠤᠯᠠᠭᠤᠯᠬᠤ ᠲᠠᠨᠢᠯᠴᠠᠭᠤᠯᠭ᠎ᠠ ᠶᠢᠨ ᠬᠤᠷᠠᠯ ᠢ 10 ᠭᠠᠷᠦᠢ ᠲᠠᠯᠠᠪᠦᠷ | ᠦᠷᠨᠢᠬᠦᠯᠪᠡ᠃ ᠲᠤᠬᠠᠢ ᠶᠢᠨ ᠲᠠᠯᠠᠪᠦᠷ ᠲᠤ ᠬᠢᠨᠭ᠍ᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠤᠨᠴᠠᠯᠢᠬᠳᠤ ᠪᠦᠳᠦᠭᠡᠭᠳᠡᠬᠦᠨ ᠢ ᠲᠦᠪᠯᠡᠷᠡᠬᠦᠯᠦᠨ ᠲᠡᠯᠬᠡᠨ ᠦᠵᠡᠬᠦᠯᠵᠦ᠂ ᠬᠤᠳᠠᠯᠳᠤᠬᠰᠠᠨ ᠠᠷᠠᠯᠵᠢᠶᠠᠨ ᠤ | ᠦᠷᠳᠡᠭ ᠨᠢ 2 ᠳ᠋ᠦᠡᠭᠰᠢᠭᠤᠷ ᠲᠦᠬᠦᠷᠢᠭ ᠢ ᠲᠠᠪᠠᠵᠠᠢ᠃ | ᠰᠦᠯᠵᠢᠶᠡᠨ ᠲᠡᠭᠡᠷ᠎ᠡ ᠪᠠ ᠪᠤᠳᠠᠳᠤ ᠴᠤᠬᠴᠠ ᠳᠤ ᠰᠢᠭᠤᠳ ᠪᠤᠷᠤᠯᠠᠭᠤᠯᠬᠤ ᠶᠢ ᠠᠳᠠᠯᠢ ᠠᠯᠬᠤᠮ ᠢᠶᠠᠷ | ᠬᠦᠭᠵᠢᠬᠦᠯᠵᠦ᠂ ᠲᠠᠷᠢᠶᠠᠯᠠᠩ ᠤᠨ ᠤᠨᠴᠠᠯᠢᠬᠳᠤ ᠪᠦᠳᠦᠭᠡᠭᠳᠡᠬᠦᠨ ᠢ ᠪᠤᠷᠤᠯᠠᠭᠤᠯᠬᠤ ᠵᠠᠮ ᠢᠶᠠᠨ ᠢᠳᠡᠪᠬᠢᠳᠡᠢ | ᠦᠷᠭᠡᠳᠬᠡᠵᠦ᠂ ᠲᠤᠤ ᠪᠤᠤ᠂ ᠵᠢᠩ ᠳ᠋ᠦᠩ᠂ ᠴᠤᠤᠷᠢᠶ᠎ᠠ ᠵᠡᠷᠭᠡ ᠲᠤᠮᠤ ᠬᠡᠯᠪᠡᠷᠢ ᠶᠢᠨ ᠡᠯᠧᠺᠳ᠋ᠷᠤᠨ ᠬᠤᠳᠠᠯᠳᠤᠭ᠎ᠠ ᠪᠠ | ᠰᠢᠨ᠎ᠠ ᠵᠠᠭᠤᠴᠢᠯᠠᠭᠤᠷ ᠤᠨ ᠲᠡᠪᠴᠡᠩ ᠲᠠᠢ ᠬᠠᠮᠳᠤᠷᠠᠨ᠂ ︽ᠬᠤᠤᠰ ᠪᠦᠳᠦᠭᠡᠭᠳᠡᠬᠦᠨ ᠬᠤᠳᠠᠯᠳᠤᠨ ᠠᠪᠬᠤ ᠨᠠᠶᠢᠷ | ︾︽ᠬᠢᠨᠭ᠍ᠭᠠᠨ ᠤ ᠰᠠᠶᠢᠨ ᠲᠠᠸᠠᠷ ᠤᠨ ᠡᠯᠧᠺᠳ᠋ᠷᠤᠨ ᠬᠤᠳᠠᠯᠳᠤᠭᠠᠨ ᠤ ᠰᠠᠷ᠎ᠠ ︾ ᠵᠡᠷᠭᠡ ᠡᠯ᠎ᠡ ᠲᠦᠷᠦᠯ ᠤᠨ | ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 200 ᠭᠠᠷᠦᠢ ᠲᠠᠯᠠᠪᠦᠷ ᠦᠷᠨᠢᠬᠦᠯᠪᠡ᠃ ︽832 ᠲᠡᠪᠴᠡᠩ | ︾ ᠳᠤ ᠲᠦᠰᠢᠭᠯᠡᠨ ᠬᠠᠨᠭ᠍ᠭᠠᠬᠤ ᠬᠤᠳᠠᠯᠳᠤᠨ ᠠᠪᠬᠤ ᠶᠢ ᠵᠤᠯᠭᠠᠭᠤᠯᠬᠤ ᠶᠢ ᠴᠢᠩᠭᠠᠳᠬᠠᠨ᠂ ᠨᠤᠳᠤᠭ ᠤᠨ ᠭᠠᠷᠦᠯᠳᠠ | ᠵᠢᠴᠢ ᠵᠠᠬᠢᠶᠠᠯᠬᠠᠰᠠᠨ ᠦᠢᠯᠡᠳᠬᠦᠨ ᠢ ᠵᠠᠰᠠᠭ ᠤᠨ ᠤᠷᠳᠤᠨ ᠬᠤᠳᠠᠯᠳᠤᠨ ᠠᠪᠬᠤ ᠠᠷᠭ᠎ᠠ ᠵᠠᠮ ᠢᠶᠠᠷ ᠬᠢᠨᠭ᠍ᠭᠠᠨ | ᠠᠶᠢᠮᠠᠭ ᠤᠨ ᠬᠡᠰᠡᠭ ᠲᠠᠷᠢᠶᠠᠯᠠᠩ ᠤᠨ ᠤᠨᠴᠠᠯᠢᠬᠳᠤ ᠦᠢᠯᠡᠳᠬᠦᠨ ᠢ ᠲᠤᠮᠳᠠᠳᠤ ᠤᠯᠤᠰ ᠤᠨ ᠴᠢᠯᠠᠭᠤᠨ ᠲᠤᠰᠤ | ᠪᠠᠶᠢᠭᠠᠯᠢ ᠶᠢᠨ ᠰᠢᠳᠠᠮᠠᠬᠠᠢ ᠬᠡᠢ ᠶᠢᠨ ᠪᠦᠯᠦᠭᠯᠡᠯ ᠺᠤᠮᠫᠠᠨᠢ᠂ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ | ᠠᠵᠦ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠲᠦᠬᠦᠮ ᠦᠵᠡᠭᠦᠯᠬᠦ ᠲᠡᠯᠬᠡᠬᠦᠷ᠂ ᠦᠨᠳᠦᠷ ᠬᠤᠷᠳᠤᠴᠠᠳᠤ | ᠵᠠᠰᠠᠮᠠᠯ ᠵᠠᠮ ᠤᠨ ᠦᠢᠯᠡᠴᠢᠯᠡᠬᠡᠨ ᠤ ᠲᠤᠭᠤᠷᠢᠭ ᠵᠢᠴᠢ ᠰᠦᠯᠵᠢᠶᠡᠨ ᠲᠡᠭᠡᠷᠡᠬᠢ ᠲᠡᠪᠴᠡᠩ ᠳᠤ ᠤᠷᠤᠭᠤᠯᠵᠦ | ᠪᠤᠷᠤᠯᠠᠭᠤᠯᠬᠤ ᠶᠢ ᠠᠬᠢᠭᠤᠯᠵᠠᠢ᠃ | ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠠᠶᠢᠮᠠᠭ ᠤᠨ ᠲᠤᠳᠤᠨᠠᠬᠢ ᠠᠵᠦ | ᠠᠬᠤᠶᠢᠯᠠᠯ ᠢ ᠪᠡᠬᠡᠵᠢᠩ᠂ ᠱᠠᠩᠬᠠᠢ ᠵᠡᠷᠭᠡ ᠭᠠᠵᠠᠷ ᠤᠷᠤᠨ ᠳᠤ ᠬᠢᠨᠭ᠍ᠭᠠᠨ ᠠᠶᠢᠮᠠᠭ ᠤᠨ ᠲᠠᠷᠢᠶᠠᠯᠠᠩ ᠤᠨ ᠤᠨᠴᠠᠯᠢᠬᠳᠤ | ᠪᠦᠳᠦᠭᠡᠭᠳᠡᠬᠦᠨ ᠤ ᠲᠤᠰᠬᠠᠢ ᠬᠤᠳᠠᠯᠳᠤᠭ᠎ᠠ᠂ ᠬᠤᠰᠢᠭᠤᠴᠢ ᠲᠡᠯᠬᠡᠬᠦᠷ ᠪᠠ ᠦᠵᠡᠬᠦᠯᠬᠡ ᠶᠢᠨ ᠲᠦᠪ | ᠲᠤᠬᠢᠷᠠᠭᠤᠯᠬᠤ ᠶᠢ ᠵᠤᠷᠢᠬᠵᠢᠭᠤᠯᠵᠠᠢ᠃ ︽ᠦᠪᠦᠷ ᠮᠤᠩᠭᠤᠯ ᠤᠨ ᠠᠮᠳᠠᠳᠤ ᠢᠳᠡᠬᠡᠨ ︾ ᠢ ᠬᠡᠯᠳᠡᠰ ᠵᠦᠪᠯᠡᠯ᠂ | ᠲᠦᠪ ᠤᠨ ᠠᠵᠦ ᠠᠬᠤᠶᠢᠯᠠᠯ ᠢᠶᠠᠷ ᠤᠷᠤᠭᠤᠯᠬᠤ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠨᠡᠶᠢᠰᠯᠡᠯ᠂ | ᠤᠷᠤᠨ ᠤ ᠲᠦᠪ ᠬᠤᠳᠠ ᠶᠢᠨ ᠬᠡᠰᠡᠭ ᠪᠠᠶᠢᠭᠤᠯᠭ᠎ᠠ ᠨᠢᠬᠡᠴᠢ ᠶᠢᠨ ᠬᠤᠭᠤᠯᠠᠨ ᠲᠢᠩᠬᠢᠮ ᠳᠤ ᠬᠢᠨᠭ᠍ᠭᠠᠨ ᠤ ᠤᠨᠴᠠ | ᠭᠠᠷᠦᠯᠳᠠ ᠶᠢᠨ ᠦᠵᠡᠬᠦᠯᠬᠡ ᠶᠢᠨ ᠲᠤᠭᠤᠷᠢᠭ ᠲᠤᠬᠢᠷᠠᠭᠤᠯᠵᠠᠢ᠃ |