ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠮᠢᠷᠴᠢᠳ ᠢ ᠤᠭᠲᠤᠬᠤ ᠴᠠᠶᠢᠯᠠᠯᠭ᠎ᠠ ᠶᠠᠪᠤᠭᠳᠠᠪᠠ ᠰᠦᠨ ᠵᠢᠶᠦ᠋ᠨ ᠴᠢᠩ ᠣᠷᠣᠯᠴᠠᠪᠠ
ᠨᠡᠶᠢᠲᠡᠯᠡᠭᠰᠡᠨ ᠴᠠᠭ᠄
2025/2/20
   2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠮᠢᠷᠴᠢᠳ ᠢ ᠤᠭᠲᠤᠬᠤ ᠴᠠᠶᠢᠯᠠᠯᠭ᠎ᠠ ᠶᠠᠪᠤᠭᠳᠠᠭᠤᠯᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠣᠷᠣᠯᠴᠠᠪᠠ᠃    ᠠᠵᠢᠯᠯᠠᠭ᠎ᠠ ᠨᠢ ᠬᠠᠷᠪᠢᠨ ᠳᠤ ᠪᠣᠯᠣᠭᠰᠠᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠮᠠᠨ ᠤ ᠣᠷᠣᠨ ᠤ ᠲᠠᠮᠢᠷᠴᠢᠳ᠂ ᠳᠠᠰᠬᠠᠯᠵᠢᠭᠤᠯᠤᠭᠴᠢᠳ ᠤᠨ ᠢᠯᠠᠯᠲᠠ ᠲᠠᠢ ᠪᠠᠷ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠬᠤ ᠶᠢ ᠵᠣᠷᠢᠭᠰᠠᠨ ᠪᠥᠭᠡᠳ ᠲᠠᠮᠢᠷᠴᠢᠳ ᠲᠤ ᠱᠠᠩᠨᠠᠯ ᠬᠥᠬᠢᠭᠦᠯᠦᠯ ᠣᠯᠭᠤᠪᠠ᠃ ᠴᠠᠶᠢᠯᠠᠯᠭ᠎ᠠ ᠳᠡᠭᠡᠷ᠎ᠡ᠂ ᠬᠠᠨ ᠮᠧᠢ᠂ ᠪᠦ᠋ᠦ ᠯᠢᠨ᠂ ᠭᠦ᠋ ᠼᠠᠩ ᠵᠡᠷᠭᠡ ᠲᠠᠮᠢᠷᠴᠢᠳ ᠤᠨ ᠲᠥᠯᠥᠭᠡᠯᠡᠭᠴᠢ ᠵᠢᠴᠢ ᠳᠠᠰᠬᠠᠯᠵᠢᠭᠤᠯᠤᠭᠴᠢᠳ ᠤᠨ ᠲᠥᠯᠥᠭᠡᠯᠡᠭᠴᠢ ᠨᠠᠷ ᠤᠷᠤᠯᠳᠤᠭᠠᠨ ᠳᠤ ᠣᠷᠣᠯᠴᠠᠬᠰᠠᠨ ᠥᠩᠭᠡᠷᠡᠯᠲᠡ ᠪᠠᠨ ᠬᠤᠪᠢᠶᠠᠯᠴᠠᠵᠤ᠂ ︽ᠤᠯᠠᠭᠠᠨ ᠲᠤᠭ ᠨᠠᠮᠢᠷᠠᠨ᠎ᠠ ︾ ᠭᠡᠬᠦ ᠵᠡᠷᠭᠡ ᠳᠠᠭᠤᠤ ᠨᠤᠭᠤᠳ ᠢ ᠬᠠᠮᠲᠤ ᠪᠠᠷ ᠳᠠᠭᠤᠯᠠᠨ᠂ ᠠᠭᠤᠷ ᠠᠮᠢᠰᠬᠤᠯ ᠭᠦᠷ ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃    ᠲᠠᠮᠢᠷᠴᠢᠳ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠢᠷᠭᠠᠭᠤ ᠴᠢᠷᠮᠠᠶᠢᠨ᠂ ᠲᠦᠷᠦᠭᠦᠯᠡᠬᠦ ᠪᠠᠷ ᠡᠷᠡᠯᠬᠡᠭᠯᠡᠨ ᠲᠡᠮᠡᠴᠡᠵᠦ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠳᠤ ᠳᠠᠭᠢᠨ ᠰᠢᠨ᠎ᠡ ᠭᠠᠪᠢᠶ᠎ᠠ ᠪᠠᠶᠢᠭᠤᠯᠤᠨ᠂ ᠠᠭᠤᠤ ᠶᠡᠭᠡ ᠡᠬᠡ ᠤᠯᠤᠰ ᠲᠤ ᠪᠠᠨ ᠳᠠᠭᠢᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号