ᠡᠷᠳᠡᠨᠢ ᠰᠢᠰᠢ ᠳᠠᠷᠢᠬᠤ ᠮᠡᠷᠭᠡᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ | ᠤᠨ ᠦᠶᠯᠡᠳᠪᠦᠷᠢᠯᠡᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 19 ᠤ | ᠡᠳᠦᠷ᠂ ᠵᠢᠦ ᠯᠦᠩ ᠰᠢᠶᠠᠩ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯᠪᠠᠰᠤᠷᠠᠯ | ᠤᠨ ᠬᠤᠷᠠᠯ ᠡᠷᠭᠢᠯᠡᠪᠡ᠃ ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢ ᠵᠢᠦ ᠯᠦᠩ ᠰᠢᠶᠠᠩ ᠪᠣᠯᠤᠨ ᠰᠢᠶᠠᠨ ᠤ | ᠲᠠᠷᠢᠶᠠᠯᠠᠩ ᠪᠠ ᠰᠢᠨᠵᠢᠯᠡᠬᠦ ᠤᠬᠠᠭᠠᠨ ᠤ ᠲᠣᠪᠴᠢᠶ᠎ᠠ ᠬᠠᠮᠲᠤᠷᠠᠨ ᠵᠣᠬᠢᠶᠠᠨ ᠪᠠᠶᠢᠭᠤᠯᠵᠤ᠂ ᠣᠨᠴᠠᠭᠠᠶᠢᠯᠠᠨ ᠳᠤᠮᠳᠠᠳᠤ | ᠤᠯᠤᠰ ᠤᠨ ᠲᠠᠷᠢᠶᠠᠯᠠᠩ ᠪᠠ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠠᠩ ᠭᠦᠸᠧ ᠴᠢᠶᠠᠩ ᠪᠠᠭᠰᠢ ᠶᠢ ᠤᠷᠢᠵᠤ | ᠬᠢᠴᠢᠶᠡᠯ ᠣᠷᠣᠭᠤᠯᠵᠤ᠂ ᠡᠯ᠎ᠡ ᠲᠣᠰᠬᠤᠨ ᠤ ᠬᠥᠳᠡᠭᠡ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠦᠭᠴᠢ᠂ | ᠲᠠᠷᠢᠶᠠᠯᠠᠩ ᠤᠨ ᠬᠤᠷᠰᠢᠶ᠎ᠠ ᠶᠢᠨ ᠲᠥᠯᠥᠭᠡᠯᠡᠭᠴᠢ ᠵᠢᠴᠢ ᠠᠮᠤ ᠪᠤᠳᠠᠭ᠎ᠠ ᠲᠠᠷᠢᠬᠤ ᠲᠤᠮᠤ ᠡᠷᠦᠬᠡ ᠵᠡᠷᠭᠡ ᠢᠳᠡᠪᠬᠢᠲᠡᠢ | ᠤᠷᠤᠯᠴᠠᠪᠠ᠃ | | ᠪᠤᠯᠪᠠᠰᠤᠷᠠᠯ ᠤᠨ ᠬᠤᠷᠠᠯ ᠳᠡᠭᠡᠷ᠎ᠡ᠂ ᠵᠠᠩ ᠭᠦᠸᠧ ᠴᠢᠶᠠᠩ ᠪᠠᠭᠰᠢ ᠡᠯᠪᠡᠭ ᠪᠠᠶᠠᠯᠢᠭ ᠲᠤᠰᠬᠠᠶ ᠮᠡᠷᠭᠡᠵᠢᠯ ᠤᠨ | ᠮᠡᠳᠡᠯᠭᠡ ᠪᠠ ᠦᠶᠯᠡᠳᠦᠯᠭᠡ ᠶᠢᠨ ᠲᠤᠷᠰᠢᠯᠭ᠎ᠠ ᠪᠠᠷ ᠢᠶᠠᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠮᠡᠷᠭᠡᠵᠢᠯ ᠤᠨ ᠲᠣᠭᠤᠷᠢᠨ ᠳᠤ ᠭᠦᠨᠵᠡᠭᠡᠶ ᠲᠠᠶᠢᠯᠤᠮᠵᠢ ᠬᠢᠪᠠ᠃ ᠲᠠᠳᠠ ᠡᠷᠳᠡᠨᠢ ᠰᠢᠰᠢ ᠶᠢᠨ | ᠡᠭᠦᠯᠳᠡᠷ ᠢ ᠰᠣᠩᠭᠤᠬᠤ᠂ ᠰᠢᠨᠵᠢᠯᠡᠬᠦ ᠤᠬᠠᠭᠠᠨᠴᠢ ᠪᠠᠷ ᠪᠣᠷᠲᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ | ᠬᠥᠨᠥᠭᠡᠯ ᠢ ᠰᠡᠷᠭᠡᠶᠢᠯᠡᠨ ᠵᠠᠰᠠᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠣᠯᠠᠨ ᠵᠠᠩᠭᠢᠯᠠᠭ᠎ᠠ ᠶᠢᠨ | ᠭᠤᠭᠴᠤᠭ᠎ᠠ ᠠᠴᠠ ᠭᠠᠷᠳᠠᠵᠤ᠂ ᠬᠠᠮᠤᠭ ᠤᠨ ᠰᠢᠨ᠎ᠡ ᠳᠠᠷᠢᠬᠤ ᠮᠡᠷᠭᠡᠵᠢᠯ ᠪᠠ ᠬᠠᠮᠢᠶᠠᠷᠤᠯᠲᠠ ᠶᠢᠨ ᠠᠷᠭ᠎ᠠ ᠶᠢ ᠨᠠᠷᠢᠨ | ᠲᠠᠨᠢᠯᠴᠠᠭᠤᠯᠪᠠ᠃ ᠡᠭᠦᠨ ᠤ ᠬᠠᠮᠲᠤ᠂ ᠲᠤᠬᠠᠶ ᠶᠢᠨ ᠭᠠᠵᠠᠷ ᠤᠨ ᠬᠥᠷᠥᠰᠥ ᠰᠢᠷᠣᠶ᠂ ᠠᠭᠤᠷ ᠠᠮᠢᠰᠬᠤᠯ ᠤᠨ | ᠨᠥᠬᠦᠴᠡᠯ ᠲᠠᠢ ᠤᠶᠠᠯᠳᠤᠭᠤᠯᠤᠨ᠂ ᠬᠤᠷᠠᠯ ᠳᠤ ᠣᠷᠣᠯᠴᠠᠭᠰᠠᠳ ᠲᠤ ᠬᠠᠨᠳᠤᠯᠭᠠᠲᠤ ᠴᠢᠨᠠᠷᠲᠠᠶ ᠲᠠᠷᠢᠮᠠᠯ ᠤᠨ | ᠰᠠᠨᠠᠭᠤᠯᠭ᠎ᠠ ᠪᠠ ᠰᠢᠶᠳᠪᠦᠷᠢᠯᠡᠬᠦ ᠲᠥᠰᠦᠯ ᠬᠠᠩᠭᠠᠪᠠ᠃ | ᠦᠶᠯᠡᠳᠦᠯᠴᠡᠬᠦ ᠭᠤᠭᠴᠤᠭ᠎ᠠ ᠳᠤ᠂ ᠬᠤᠷᠠᠯ ᠳᠤ ᠣᠷᠣᠯᠴᠠᠭᠰᠠᠳ ᠢᠳᠡᠪᠬᠢᠲᠡᠶ ᠪᠠᠷ ᠠᠰᠠᠭᠤᠯᠲᠠ ᠠᠰᠠᠭᠤᠵᠤ᠂ | ᠪᠠᠭᠰᠢ ᠨᠠᠷ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠦᠭᠴᠢᠳ ᠪᠣᠳᠠᠲᠠᠶ | ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠲᠥᠭᠡᠷᠢᠭᠳᠡᠯ ᠢ ᠬᠤᠪᠢᠶᠠᠯᠴᠠᠨ ᠡᠳ᠋ᠯᠡᠵᠦ᠂ ᠲᠠᠷᠢᠶᠠᠯᠠᠩ ᠤᠨ | ᠬᠤᠷᠰᠢᠶ᠎ᠠ ᠶᠢᠨ ᠲᠥᠯᠥᠭᠡᠯᠡᠭᠴᠢ ᠪᠠ ᠠᠮᠤ ᠪᠤᠳᠠᠭ᠎ᠠ ᠳᠠᠷᠢᠬᠤ ᠲᠣᠮᠣ ᠡᠷᠦᠬᠡ ᠨᠦᠭᠦᠳ ᠲᠠᠷᠢᠮᠠᠯ ᠤᠨ ᠬᠡᠪᠴᠢᠶ᠎ᠡ ᠶᠢ | ᠥᠷᠭᠡᠳᠬᠡᠬᠦ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠥᠪᠡᠷ ᠤᠨ ᠪᠣᠳᠣᠯ ᠰᠠᠨᠠᠯ | ᠢᠶᠠᠨ ᠳᠤᠷᠠᠳᠤᠨ ᠭᠠᠷᠭᠠᠵᠠᠶ᠃ ᠬᠤᠶᠠᠷ ᠪᠠᠭᠰᠢ ᠬᠦᠯᠢᠴᠡᠩᠭᠦᠶ ᠪᠠᠷ ᠬᠠᠷᠢᠭᠤᠯᠵᠤ᠂ ᠲᠤᠬᠠᠶ ᠶᠢᠨ ᠲᠠᠯᠠᠪᠠᠢ ᠶᠢᠨ | ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ | | ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢ ᠡᠷᠬᠢᠯᠡᠭᠰᠡᠨ ᠨᠢ ᠵᠢᠦ ᠯᠦᠩ ᠰᠢᠶᠠᠩ ᠤᠨ ᠲᠠᠷᠢᠶᠠᠯᠠᠩ ᠤᠨ | ᠦᠢᠯᠡᠳᠪᠦᠷᠢᠯᠡᠯ ᠳᠤ ᠰᠢᠨ᠎ᠡ ᠮᠡᠷᠭᠡᠵᠢᠯ ᠤᠨ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ | ᠬᠤᠷᠠᠯ ᠳᠤ ᠣᠷᠣᠯᠴᠠᠭᠰᠠᠳ ᠲᠤ ᠨᠢᠭᠡᠨ ᠰᠤᠷᠤᠯᠴᠠᠨ ᠰᠣᠯᠢᠯᠴᠠᠬᠤ ᠲᠠᠪᠴᠠᠩ ᠬᠠᠩᠭᠠᠪᠠ᠃ ᠪᠤᠯᠪᠠᠰᠤᠷᠠᠯ ᠢᠶᠠᠷ | ᠳᠡᠮᠵᠢᠨ᠂ ᠣᠯᠠᠨ ᠢᠶᠠᠷ ᠢᠶᠠᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠢ | ᠨᠠᠩ ᠭᠦᠨᠵᠡᠭᠡᠶ ᠤᠶᠢᠯᠠᠭᠠᠨ ᠡᠵᠡᠮᠰᠢᠵᠦ᠂ ᠡᠷᠳᠡᠨᠢ ᠰᠢᠰᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ | ᠢᠲᠡᠭᠡᠯ ᠢ ᠨᠡᠮᠡᠭᠳᠡᠭᠦᠯᠪᠡ᠃ | ︽ᠡᠨᠡ ᠤᠳᠠᠭ᠎ᠠ ᠶᠢᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯᠪᠠᠰᠤᠷᠠᠯ | ᠤᠨ ᠬᠤᠷᠠᠯ ᠳᠤ ᠣᠷᠣᠯᠴᠠᠭᠠᠳ ᠪᠢ ᠯᠤᠲᠤ ᠶᠡᠭᠡ ᠣᠯᠤᠯᠲᠠ ᠲᠠᠢ ᠪᠣᠯᠵᠠᠢ᠃ ᠤᠤᠯ ᠨᠢ ᠲᠤᠷᠰᠢᠯᠭ᠎ᠠ ᠪᠠᠷ ᠢᠶᠠᠨ | ᠲᠠᠷᠢᠶ᠎ᠠ ᠲᠠᠷᠢᠪᠠᠯ ᠪᠣᠯᠴᠢᠬᠠᠨ᠎ᠠ ᠭᠡᠵᠦ ᠪᠣᠳᠣᠵᠤ ᠪᠠᠶᠢᠵᠠᠶ᠂ ᠰᠢᠨᠵᠢᠯᠡᠬᠦ ᠤᠬᠠᠭᠠᠨᠴᠢ ᠪᠠᠷ ᠲᠠᠷᠢᠬᠤ ᠠᠷᠭ᠎ᠠ ᠵᠠᠮ ᠡᠶᠢᠮᠦ | ᠠᠷᠪᠢᠨ ᠭᠡᠵᠦ ᠪᠣᠳᠣᠵᠤ ᠣᠯᠤᠭᠰᠠᠨ ᠦᠭᠡᠢ᠃ ᠰᠢᠨ᠎ᠡ ᠲᠠᠷᠢᠬᠤ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ | ᠢ ᠰᠡᠷᠭᠡᠶᠢᠯᠡᠨ ᠵᠠᠰᠠᠬᠤ ᠠᠷᠭ᠎ᠠ ᠨᠢ ᠪᠦᠷ ᠨᠠᠳᠠ ᠳᠤ ᠰᠢᠨ᠎ᠡ ᠶᠢᠷᠲᠢᠨᠴᠦ ᠶᠢᠨ ᠡᠭᠦᠳᠡ ᠶᠢ ᠨᠡᠭᠡᠭᠡᠵᠦ ᠥᠭᠴᠡᠶ᠃ | ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠪᠣᠯᠪᠠᠰᠤᠷᠠᠯ ᠬᠦᠷᠲᠡᠭᠡᠭᠰᠡᠨ ᠳᠤ ᠲᠠᠯᠠᠷᠬᠠᠵᠤ ᠪᠠᠶᠢᠨ᠎ᠠ᠂ ᠪᠢ | ᠯᠠᠪᠲᠠᠢ ᠰᠤᠷᠤᠭᠰᠠᠨ ᠢᠶᠠᠨ ᠦᠢᠯᠡᠳᠦᠯᠭᠡ ᠳᠤ ᠬᠡᠷᠡᠭᠯᠡᠵᠦ᠂ ᠤᠯᠠᠨ ᠲᠠᠢ ᠰᠠᠨᠠᠯ ᠢᠶᠠᠨ ᠰᠣᠯᠢᠯᠴᠠᠵᠤ᠂ ᠡᠷᠳᠡᠨᠢ ᠰᠢᠰᠢ | ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠬᠠᠮᠲᠤ ᠪᠠᠷ ᠳᠡᠭᠡᠭᠰᠢᠯᠡᠭᠦᠯᠵᠦ᠂ ᠠᠮᠢᠳᠤᠷᠠᠯ ᠢᠶᠠᠨ ᠨᠡᠩ ᠥᠭᠡᠳᠡᠯᠡᠭᠦᠯᠬᠦ ᠶᠢ | ᠬᠦᠰᠡᠵᠦ ᠪᠠᠶᠢᠨ᠎ᠠ᠃︾ ᠭᠡᠵᠦ ᠵᠢᠦ ᠯᠦᠩ ᠰᠢᠶᠠᠩ ᠤᠨ ᠠᠮᠤ ᠪᠤᠳᠠᠭ᠎ᠠ ᠲᠠᠷᠢᠳᠠᠭ ᠲᠣᠮᠣ ᠡᠷᠦᠬᠡ ᠵᠧᠦ ᠾᠤᠢ | ᠪᠠᠶᠠᠷᠲᠠᠶ ᠪᠠᠷ ᠬᠡᠯᠡᠭᠰᠡᠨ ᠪᠠᠶᠢᠨ᠎ᠠ᠃ | | ᠲᠠᠷᠠᠭᠠᠴᠢ ᠶᠢᠨ ᠠᠯᠬᠤᠮ ᠳᠤ᠂ ᠵᠢᠦ ᠯᠦᠩ ᠰᠢᠶᠠᠩ ᠰᠢᠶᠠᠨ ᠤ ᠲᠠᠷᠢᠶᠠᠯᠠᠩ ᠪᠠ ᠰᠢᠨᠵᠢᠯᠡᠬᠦ ᠤᠬᠠᠭᠠᠨ ᠤ | ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠩ | ᠣᠯᠠᠨ ᠡᠶᠢᠮᠦ ᠬᠡᠯᠪᠡᠷᠢ ᠶᠢᠨ ᠪᠤᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠠᠷᠢᠶᠠᠴᠢᠳ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠪ ᠴᠢᠨᠠᠷ ᠪᠠ ᠲᠠᠷᠢᠮᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠪᠥᠬᠦ ᠰᠢᠶᠠᠩ ᠤᠨ ᠲᠠᠷᠢᠶᠠᠯᠠᠩ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠳᠤ ᠨᠠᠩ ᠶᠡᠭᠡ | ᠬᠤᠪᠢ ᠨᠡᠮᠡᠷᠢ ᠦᠵᠡᠭᠦᠯᠦᠨ᠎ᠡ᠃ |