2 ᠰᠠᠷ᠎ᠠ ᠶᠢᠨ 19 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠲᠦᠴᠢᠦᠸᠠᠨ ᠰᠢᠶᠠᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ ᠠᠵᠢᠯ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ | ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠴᠠᠭᠳᠠᠨ | ᠪᠠᠶᠢᠴᠠᠭᠠᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ | ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ | ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ | ᠠᠶᠢᠮᠠᠭ ᠰᠢᠶᠠᠨ ᠬᠤᠶᠠᠷ ᠱᠠᠲᠤᠨ ᠤ ᠬᠤᠯᠪᠣᠭᠠᠯᠠᠨ ᠬᠥᠳᠡᠯᠦᠯᠴᠡᠵᠦ ᠴᠠᠭᠳᠠᠨ ᠪᠠᠶᠢᠴᠠᠭᠠᠬᠤ ᠶᠢ ᠪᠣᠳᠠᠲᠠᠶᠢᠵᠢᠭᠤᠯᠵᠤ | ᠂ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠳᠣᠲᠣᠭᠠᠳᠤ ᠭᠠᠳᠠᠭᠠᠳᠤ ᠯᠤᠭ᠎ᠠ ᠨᠡᠪᠲᠡᠷᠡᠯᠴᠡᠭᠦᠯᠬᠦ ᠶᠢ | ᠴᠢᠩᠭᠠᠳᠬᠠᠵᠤ᠂ ᠠᠳᠠᠯᠢ ᠰᠡᠳᠦᠪ ᠶᠢ ᠬᠠᠮᠲᠤ ᠪᠠᠷ ᠬᠠᠷᠢᠭᠤᠯᠬᠤ᠂ ᠠᠳᠠᠯᠢ ᠴᠢᠭᠯᠡᠯ ᠢᠶᠠᠷ ᠬᠦᠴᠦᠯᠡᠬᠦ ᠶᠢ | ᠪᠡᠶᠡᠯᠡᠭᠦᠯᠵᠦ᠂ ᠴᠠᠭᠳᠠᠨ ᠪᠠᠶᠢᠴᠠᠭᠠᠬᠤ ᠪᠠᠷ ᠳᠡᠮᠵᠢᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠶᠳᠪᠦᠷᠢᠯᠡᠵᠦ | ᠂ ᠬᠥᠭᠵᠢᠯᠲᠡ ᠶᠢ ᠠᠬᠢᠭᠤᠯᠵᠤ᠂ ᠦᠨᠡᠨ ᠬᠦ ᠬᠦᠴᠦᠲᠡᠶ ᠪᠦᠲᠦᠮᠵᠢᠲᠡᠶ ᠴᠠᠭᠳᠠᠨ ᠪᠠᠶᠢᠴᠠᠭᠠᠬᠤ ᠬᠢᠨᠠᠯᠲᠠ ᠲᠠᠯᠪᠢᠯᠲᠠ | ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ | ᠲᠣᠭᠤᠷᠢᠨ ᠳᠤ ᠤᠨᠢᠨ ᠳᠡᠭᠡᠷ᠎ᠡ ᠨᠢ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ | ᠡᠭᠦᠷᠭᠡ ᠴᠢᠳᠠᠪᠬᠢ ᠬᠠᠷᠢᠭᠤᠴᠠᠯᠭ᠎ᠠ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ | ᠬᠦᠷᠢᠶ᠎ᠡ ᠴᠠᠷᠠᠭ᠎ᠠ ᠬᠤᠪᠢᠶᠠᠨ ᠭᠤᠣᠯ ᠰᠢᠪᠲᠤᠯᠬᠤ ᠴᠢᠭᠯᠡᠯ ᠢᠶᠠᠨ ᠣᠨᠣᠪᠴᠢᠲᠠᠢ ᠡᠷᠢᠵᠦ᠂ ᠦᠵᠡᠭᠳᠡᠯ ᠠᠴᠠ ᠮᠥᠨ | ᠴᠢᠨᠠᠷ ᠢ ᠦᠵᠡᠵᠦ᠂ ᠠᠰᠠᠭᠤᠳᠠᠯ ᠢ ᠢᠯᠡᠷᠡᠭᠦᠯᠬᠦ ᠳᠤ ᠪᠤᠰᠤᠳᠴᠢ ᠪᠥᠭᠡᠳ ᠪᠦᠬᠦ ᠲᠠᠯ᠎ᠠ ᠶᠢᠨ ᠪᠠᠶᠢᠬᠤ ᠶᠢ | ᠪᠠᠲᠤᠯᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠬᠡᠷᠡᠭᠵᠢᠭᠦᠯᠦᠯᠲᠡ᠂ ᠡᠮ ᠡᠮᠨᠡᠯᠭᠡ ᠶᠢᠨ ᠦᠢᠯᠡᠴᠢᠯᠡᠭᠡ᠂ | ᠣᠷᠣᠰᠢᠭᠤᠯᠭ᠎ᠠ ᠶᠢᠨ ᠬᠠᠮᠢᠶᠠᠷᠤᠯᠲᠠ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠵᠠᠰᠠᠯᠲᠠ ᠵᠡᠷᠭᠡ | ᠬᠦᠷᠢᠶ᠎ᠡ ᠪᠠᠷ ᠭᠤᠣᠯᠳᠠᠭᠤᠯᠵᠤ᠂ ᠨᠢᠭᠡ ᠪᠦᠯᠦᠭ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠭ᠎ᠠ | ᠠᠰᠠᠭᠤᠳᠠᠯ ᠢ ᠲᠥᠪᠯᠡᠷᠡᠭᠦᠯᠦᠨ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠲᠣᠭᠤᠷᠢᠨ ᠴᠠᠭᠳᠠᠬᠤ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ | ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠪᠠᠲᠤᠯᠠᠨ᠎ᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠤ ᠳᠠᠶᠢᠴᠢᠯᠠᠯᠲᠠ ᠶᠢᠨ | ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢᠨ ᠭᠤᠣᠯ | ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠬᠤ ᠳᠤᠭᠤᠶᠢᠯᠠᠩ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠪᠦᠬᠦ | ᠺᠠᠳ᠋ᠷ ᠬᠤᠷᠠᠯ ᠳᠤ ᠣᠷᠣᠯᠴᠠᠪᠠ᠃ |