2 ᠰᠠᠷ᠎ᠠ ᠶᠢᠨ 22 ᠤᠨ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠬᠥᠳᠡᠭᠡ ᠠᠵᠤ ᠠᠬᠤᠢ | ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ | ᠤᠨ 2025 ᠣᠨ ᠤ ᠠᠵᠢᠯ ᠤᠨ ᠰᠡᠳᠬᠢᠴᠡ᠂ ᠲᠤᠯᠭᠠᠭᠤᠷᠢᠯᠠᠬᠤ ᠲᠦᠷᠦᠯ ᠵᠦᠢᠯ ᠪᠣᠯᠤᠨ ᠪᠣᠳᠠᠲᠠᠢ ᠠᠷᠭ᠎ᠠ | ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ ᠵᠠᠩ ᠱᠤᠸᠠᠩ ᠴᠧᠩ᠂ ᠸᠠᠩ ᠵᠢᠶᠠ ᠵᠢᠶᠦ᠋ᠨ᠂ ᠸᠠᠩ ᠵᠢᠶᠠᠨ ᠭᠦᠸᠧ᠂ ᠯᠢᠦ ᡁᠢ | ᠹᠧᠩ᠂ ᠬᠣ᠋ ᠶᠠᠩ᠂ ᠳ᠋ᠧᠩ ᠴᠦᠨ ᠹᠧᠩ᠂ ᠯᠢᠦ ᠢ ᠸᠧᠢ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ | ᠣᠷᠣᠯᠴᠠᠪᠠ᠃ | ᠬᠤᠷᠠᠯ ᠠᠴᠠ ᠴᠢᠩᠭᠠᠳᠬᠠᠭᠰᠠᠨ ᠨᠢ᠂ ᠵᠢᠯ ᠤᠨ ᠠᠵᠢᠯ ᠬᠠᠪᠤᠷ ᠲᠠᠭᠠᠨ ᠪᠠᠶᠢᠳᠠᠭ᠂ ᠣᠳᠣᠬᠠᠨ ᠳᠤ ᠶᠠᠭ | ᠰᠠᠶᠢᠬᠠᠨ ᠨᠢᠭᠡ ᠵᠢᠯ ᠤᠨ ᠳᠣᠲᠣᠷᠠᠬᠢ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢ | ᠲᠥᠯᠥᠪᠵᠢᠭᠦᠯᠬᠦ ᠬᠠᠮᠤᠭ ᠤᠨ ᠰᠠᠶᠢᠨ ᠴᠠᠭ ᠦᠶ᠎ᠡ ᠪᠣᠯᠤᠨ᠎ᠠ᠂ ᠰᠢᠵᠢᠷ ᠠᠯᠳᠠᠨ ᠴᠠᠭ ᠦᠶ᠎ᠡ ᠳᠤ᠂ ᠪᠦᠬᠦ ᠰᠢᠶᠠᠨ ᠤ | ᠳᠡᠭᠡᠳᠦ ᠲᠤᠤᠷᠠᠳᠤ ᠱᠠᠳᠤ ᠪᠠᠷ ᠢᠶᠠᠨ ᠪᠠᠴᠢᠮ ᠶᠠᠭᠠᠷᠠᠯᠲᠠᠢ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ | ᠴᠠᠭᠠᠰᠤᠨ ᠳᠡᠭᠡᠷᠡᠬᠢ ᠲᠦᠷᠦᠯ ᠵᠦᠢᠯ︾ ᠢ ᠡᠷᠲᠡᠬᠡᠨ ᠭᠠᠵᠠᠷ ᠳᠡᠭᠡᠷ᠎ᠡ ᠨᠠᠶᠢᠳᠠᠪᠤᠷᠢᠵᠢᠭᠤᠯᠵᠤ᠂ ᠬᠦᠰᠡᠯ ᠡᠷᠡᠮᠡᠯᠵᠡᠯ | ᠢᠶᠠᠨ ᠡᠷᠲᠡᠬᠡᠨ ︽ᠪᠣᠳᠠᠲᠤ ᠠᠬᠤᠢ︾ ᠪᠣᠯᠭᠠᠵᠤ᠂ ᠡᠯ᠎ᠡ ᠵᠦᠢᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠪᠦᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠮᠠᠯ ᠠᠵᠤ ᠠᠬᠤᠶ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠦᠷ᠎ᠡ | ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠭᠤᠤᠯᠳᠠᠭᠤᠯᠵᠤ᠂ ᠭᠦᠨᠵᠡᠭᠡᠶ | ᠲᠥᠯᠥᠪᠵᠢᠭᠦᠯᠦᠨ ᠭᠦᠨᠵᠡᠭᠡᠶ ᠠᠬᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠥᠨᠳᠥᠷ ᠪᠦᠲᠦᠮᠵᠢᠲᠡᠶ ᠠᠵᠤ ᠠᠬᠤᠶ ᠶᠢᠨ ᠲᠠᠷᠢᠮᠠᠯ ᠢ ᠵᠣᠬᠢᠰᠲᠠᠶ | ᠪᠣᠳᠣᠯᠬᠢᠯᠠᠵᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠥᠲᠥᠯᠥᠨ ᠵᠢᠯᠣᠭᠤᠳᠴᠤ ᠠᠬᠢᠭᠤᠯᠬᠤ ᠠᠵᠢᠯ ᠢ | ᠰᠠᠶᠢᠲᠤᠷ ᠬᠢᠵᠦ᠂ ᠲᠠᠷᠢᠶᠠᠴᠢᠳ ᠤᠨ ᠬᠤᠶᠢᠰᠢᠳᠠ ᠶᠢᠨ ᠵᠣᠪᠠᠨᠢᠯ ᠢ ᠦᠨᠡᠨ ᠬᠦ ᠰᠠᠶᠢᠲᠤᠷ ᠰᠢᠶᠳᠪᠦᠷᠢᠯᠡᠬᠦ ᠬᠡᠷᠡᠭᠲᠡᠶ᠃ | ︽ᠲᠦᠷᠪᠡᠨ ᠨᠡᠩ ᠲᠤᠪᠤᠶᠢᠮ᠎ᠠ︾ ᠶᠢᠨ ᠲᠣᠭᠤᠷᠢᠨ ᠳᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ | ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠨᠠᠯᠳᠠ ᠶᠢ ᠨᠡᠮᠡᠭᠳᠡᠭᠦᠯᠵᠦ ᠣᠷᠣᠯᠭ᠎ᠠ ᠪᠠᠨ | ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠦᠬᠡᠷ ᠬᠤᠨᠢᠨ ᠤ ᠠᠵᠤ ᠦᠢᠯᠡᠰ ᠢ ᠲᠣᠭᠲᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ︽ᠤᠩᠬᠤᠷ ᠲᠡᠭᠰᠢ ᠬᠤᠷᠳᠤᠨ᠂ ᠣᠷᠣᠭᠤᠯᠤᠯᠲᠠ ᠪᠠᠭ᠎ᠠ᠂ ᠦᠷ᠎ᠡ ᠠᠰᠢᠭ ᠲᠦᠷᠭᠡᠨ᠂ | ᠦᠶᠡᠯᠡᠯ ᠤᠨ ᠬᠤᠭᠤᠴᠠᠭ᠎ᠠ ᠣᠬᠤᠷ︾ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠂ ︽ᠪᠠᠭ᠎ᠠ ᠬᠡᠪᠴᠢᠶ᠎ᠡ ᠲᠠᠢ᠂ | ᠲᠣᠮᠣ ᠨᠡᠶᠢᠲᠡ ᠴᠣᠭᠴᠠ︾ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ︽ᠲᠣᠮᠣ ᠠᠵᠤ ᠦᠢᠯᠡᠰ︾ ᠢ ᠴᠣᠭᠴᠠᠯᠠᠨ | ᠪᠠᠶᠢᠭᠤᠯᠬᠤ ᠬᠡᠷᠡᠭᠲᠡᠶ᠃ ᠬᠦᠷᠢᠶ᠎ᠡ ᠬᠠᠰᠢᠶᠠᠨ ᠤ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠪᠦᠬᠦᠨ ᠢ ᠬᠠᠮᠤᠷᠬᠤ ᠶᠢ ᠠᠯᠢ ᠲᠦᠷᠭᠡᠨ ᠢᠶᠠᠷ ᠪᠡᠶᠡᠯᠡᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠲᠠᠢ ᠤᠶᠠᠯᠳᠤᠭᠤᠯᠵᠤ᠂ ᠭᠠᠵᠠᠷ ᠰᠢᠷᠣᠢ ᠶᠢ ᠥᠨᠳᠥᠷ ᠪᠦᠲᠦᠮᠵᠢᠲᠡᠢ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠦᠷᠢᠮ | ᠲᠣᠭᠲᠠᠭᠠᠯ ᠬᠠᠤᠯᠢ ᠴᠠᠭᠠᠵᠠ ᠶᠢ ᠵᠥᠷᠢᠴᠡᠨ ᠲᠠᠷᠢᠶᠠᠨ ᠭᠠᠵᠠᠷ ᠢ ᠡᠵᠡᠯᠡᠬᠦ᠂ ᠤᠢ ᠰᠢᠭᠤᠢ ᠶᠢ ᠡᠵᠡᠯᠡᠬᠦ᠂ ᠡᠪᠡᠰᠦ | ᠪᠡᠯᠴᠢᠭᠡᠷ ᠢ ᠡᠵᠡᠯᠡᠬᠦ ᠵᠡᠷᠭᠡ ᠬᠡᠷᠡᠭ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠰᠢᠨ᠎ᠡ ᠶᠢ ᠡᠭᠦᠳᠬᠦ ᠬᠢᠯᠠᠰ ᠴᠡᠭ ᠢ | ᠡᠭᠦᠳᠴᠦ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ | ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠳᠡᠪᠲᠡᠷ ᠨᠠᠷᠢᠨ ᠲᠠᠩᠰᠠ︾ ᠶᠢᠨ ᠡᠯ᠎ᠡ ᠵᠦᠶᠯ ᠤᠨ ᠡᠭᠦᠷᠭᠡ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠵᠡᠮᠵᠢ ᠶᠢᠨ ᠣᠷᠣᠨ ᠲᠤᠰᠬᠤᠨ ᠢ ᠠᠭᠤᠰᠤᠯᠴᠠᠭᠤᠯᠬᠤ ᠦᠯᠢᠭᠡᠷ | ᠳᠠᠭᠤᠷᠢᠶᠠᠯ ᠢ ᠪᠤᠢ ᠪᠣᠯᠭᠠᠵᠤ᠂ ︽︽ᠦᠵᠡᠮᠵᠢ ᠶᠢᠨ ᠣᠷᠣᠨ᠂ ᠲᠣᠰᠬᠤᠨ᠂ ᠬᠥᠮᠦᠨ︾ ᠭᠤᠷᠪᠠᠨ ᠡᠯᠧᠮᠧᠨ᠋ᠲ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ᠂ ᠨᠢᠭᠡ ᠴᠤᠬᠴᠠᠵᠢᠬᠰᠠᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠤᠳᠤ | ᠶᠢᠨ ᠪᠠᠶᠢᠭ᠎ᠠ ᠬᠦᠯᠡᠮᠵᠢ ᠶᠢᠨ ᠦᠷ᠎ᠡ ᠠᠰᠢᠭ ᠢ ᠬᠡᠷᠬᠢᠨ ᠨᠡᠩ ᠶᠡᠭᠡ ᠪᠠᠳᠠᠷᠠᠭᠤᠯᠬᠤ ᠶᠢᠨ ᠲᠣᠭᠤᠷᠢᠨ ᠳᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠵᠦ᠂ ᠲᠦᠬᠦᠭᠡᠷᠤᠮᠵᠢᠳᠤ ᠲᠠᠷᠢᠶᠠᠯᠠᠩ ᠤᠨ ︽ | ᠵᠢᠷᠭᠤᠭ᠎ᠠ ᠶᠢ ᠨᠢᠭᠡᠳᠬᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠡᠷᠲᠡᠬᠡᠨ ᠲᠤᠬᠢᠷᠠᠭᠤᠯᠵᠤ᠂ | ᠡᠷᠲᠡᠬᠡᠨ ᠪᠡᠯᠡᠳᠬᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠵᠢᠷᠤᠮᠵᠢᠭᠰᠠᠨ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠨᠥᠭᠡᠴᠡ | ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠨᠡᠶᠢᠭᠡᠮ ᠤᠨ ᠲᠣᠭᠲᠠᠭᠤᠨ᠂ ᠠᠮᠤᠷ ᠲᠦᠪᠰᠢᠨ ᠬᠥᠭᠵᠢᠯᠲᠡ ᠶᠢᠨ | ᠲᠣᠭᠤᠷᠢᠨ ᠳᠤ᠂ ᠭᠦᠨᠵᠡᠭᠡᠢ ᠲᠥᠯᠥᠪᠵᠢᠭᠦᠯᠵᠦ᠂ ᠭᠦᠨᠵᠡᠭᠡᠢ ᠠᠬᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ | ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠪᠦᠬᠦ ᠬᠦᠴᠦ ᠪᠠᠷ ᠢᠶᠠᠨ᠂ ᠥᠨᠳᠥᠷ ᠪᠦᠲᠦᠮᠵᠢᠲᠡᠢ ᠪᠠᠷ ᠰᠠᠶᠢᠲᠤᠷ ᠬᠠᠮᠠᠭᠠᠯᠠᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ | ᠰᠠᠶᠢᠲᠤᠷ ᠰᠠᠬᠢᠬᠤ ᠬᠡᠷᠡᠭᠲᠡᠢ᠃ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠢ ᠰᠠᠶᠢᠲᠤᠷ ᠬᠢᠵᠦ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠯ ᠰᠡᠷᠭᠡᠶᠢᠯᠡᠬᠦ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠬᠤ | ᠬᠡᠷᠡᠭᠲᠡᠶ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ | ᠲᠤᠰᠬᠠᠢ ᠬᠥᠮᠦᠨ ᠬᠠᠷᠠᠵᠤ ᠰᠢᠢᠳᠪᠦᠷᠢᠯᠡᠬᠦ ᠶᠢ ᠲᠣᠳᠣᠷᠬᠠᠶᠢᠯᠠᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠬᠦ ᠶᠢ | ᠪᠠᠲᠤᠯᠠᠵᠤ᠂ ᠲᠡᠷᠡ ᠳᠠᠷᠤᠢ ᠳᠤᠨᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠲᠣᠬᠢᠲᠠᠢ ᠰᠢᠢᠳᠪᠦᠷᠢᠯᠡᠬᠦ ᠬᠡᠷᠡᠭᠲᠡᠢ᠃ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ | ᠂ ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠵᠥᠷᠢᠴᠡᠯ ᠢ ᠰᠢᠢᠳᠪᠦᠷᠢᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠥᠰᠦᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ | | ᠬᠤᠷᠠᠯ ᠠᠴᠠ ᠱᠠᠭᠠᠷᠳᠠᠭᠰᠠᠨ ᠨᠢ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢᠨ ᠲᠣᠭᠤᠷᠢᠨ ᠳᠤ᠂ ᠭᠦᠨᠵᠡᠭᠡᠢ ᠲᠥᠯᠥᠪᠵᠢᠭᠦᠯᠵᠦ᠂ ᠭᠦᠨᠵᠡᠭᠡᠢ ᠠᠬᠢᠭᠤᠯᠵᠤ᠂ ᠦᠷ᠎ᠡ ᠪᠦᠲᠦᠮᠵᠢ | ᠭᠠᠷᠭᠠᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡᠳᠦᠭᠡᠷ | ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ | ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠪᠠᠨ | ᠰᠠᠶᠢᠲᠤᠷ ᠭᠦᠢᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠨᠠᠮ | ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ | ᠴᠥᠮ ᠴᠢᠩᠭ᠎ᠠ ᠠᠳᠬᠤᠬᠤ︾ ᠶᠢ ᠪᠡᠶᠡᠯᠡᠭᠦᠯᠬᠦ ᠬᠡᠷᠡᠭᠲᠡᠢ᠃ ︽ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠭᠰᠡᠨ᠂ | ᠠᠷᠢᠭᠤᠨ ᠴᠢᠬᠡᠴᠢ᠂ ᠥᠨᠳᠥᠷ ᠪᠦᠲᠦᠮᠵᠢᠲᠡᠢ︾ ᠰᠢᠶᠠᠩ ᠪᠠᠯᠭᠠᠰᠤᠨ ᠤ ᠪᠠᠭ ᠤᠨ ᠪᠠᠶᠢᠭᠤᠯᠤᠯᠲᠠ ᠪᠠᠷ ᠲᠣᠰᠬᠤᠨ ᠤ | ︽ᠬᠤᠶᠠᠷ ᠵᠥᠪᠯᠡᠯ︾ ᠤᠨ ᠪᠠᠭ ᠤᠨ ᠪᠠᠶᠢᠭᠤᠯᠤᠯᠲᠠ ᠶᠢ ᠲᠠᠶᠢᠴᠢᠯᠠᠵᠥ᠂ ᠰᠢᠶᠠᠩ ᠪᠠᠯᠭᠠᠰᠤᠨ ᠤ ᠪᠠᠶᠢᠭᠤᠯᠤᠯᠭ᠎ᠠ | ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠶᠢᠴᠢᠯᠠᠵᠥ᠂ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷ | ᠤᠨ ᠡᠩᠨᠡᠭᠡ ᠶᠢᠨ ᠪᠠᠶᠢᠭᠤᠯᠤᠯᠲᠠ ᠶᠢ ᠲᠠᠶᠢᠴᠢᠯᠠᠵᠥ᠂ ᠲᠤᠰ ᠲᠤᠰ ᠤᠨ ᠢᠶᠠᠨ ᠤᠳᠤᠷᠢᠳᠬᠤ ᠪᠠᠭ ᠢᠶᠠᠨ | ᠳᠠᠭᠠᠭᠤᠯᠤᠨ ᠪᠦᠯᠬᠦᠮᠳᠡᠨ ᠠᠵᠢᠯᠯᠠᠵᠤ᠂ ᠠᠷᠢᠭᠤᠨ ᠴᠢᠬᠡᠴᠢ ᠪᠠᠷ ᠠᠵᠢᠯᠯᠠᠵᠤ᠂ ᠬᠦᠴᠦ ᠪᠠᠨ ᠬᠠᠮᠲᠤᠳᠬᠠᠨ ᠠᠵᠢᠯ | ᠶᠠᠪᠤᠳᠠᠯ ᠪᠦᠲᠦᠭᠡᠬᠦ ᠬᠡᠷᠡᠭᠲᠡᠢ᠃ ᠰᠠᠬᠢᠯᠭ᠎ᠠ ᠪᠠᠲᠤ ᠪᠠ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ | ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ | ᠶᠢ ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠬᠢᠭᠤᠯᠵᠤ | ᠳᠡᠶᠢᠯᠬᠦ ᠶᠢ ᠨᠢ ᠦᠵᠡᠬᠦ ᠦᠭᠡᠢ᠂ ᠶᠠᠪᠤᠵᠤ ᠳᠡᠶᠢᠯᠬᠦ ᠶᠢ ᠨᠢ ᠵᠣᠭᠰᠣᠬᠤ ᠦᠭᠡᠢ᠂ ᠲᠦᠷᠭᠡᠨ ᠬᠢᠵᠦ ᠳᠡᠶᠢᠯᠬᠦ ᠶᠢ ᠨᠢ | ᠤᠳᠠᠭᠠᠰᠢᠷᠠᠭᠤᠯᠬᠤ ᠦᠭᠡᠢ ᠪᠠᠶᠢᠵᠤ᠂ ᠡᠨᠡ ᠵᠢᠯ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ | ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠪᠠᠷ ᠰᠠᠶᠢᠲᠤᠷ ᠪᠡᠶᠡᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ |