ᠪᠣᠳᠠᠰ ᠤᠨ ᠪᠤᠰᠤ ᠰᠣᠶᠣᠯ ᠤᠨ ᠥᠪ ᠤᠨ ᠵᠠᠩ ᠦᠢᠯᠡ ᠶᠢ ᠪᠡᠶᠡᠴᠢᠯᠡᠨ ᠣᠢᠯᠠᠭᠠᠵᠤ ᠤᠮᠠᠷᠠᠲᠤ ᠬᠢᠯᠢ ᠶᠢᠨ ᠰᠣᠶᠣᠯ ᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2025/2/23
   ᠲᠦᠴᠢᠦᠸᠠᠨ ᠰᠢᠶᠠᠨ ᠳᠤ᠂ ᠥᠪᠡᠷᠮᠢᠴᠡ ᠣᠨᠴᠠᠯᠢᠭ ᠲᠠᠢ ᠲᠣᠭᠠᠴᠢᠯᠠᠭᠰᠠᠨ ᠰᠣᠶᠣᠯ ᠤᠨ ᠣᠶᠢᠯᠠᠭᠠᠯᠲᠠ ᠶᠢᠨ ᠣᠷᠳᠣᠨ ︽ᠯᠢᠴᠢᠤᠸᠠᠨ ᠤ ᠦᠯᠢᠭᠡᠷ ᠲᠦᠴᠢᠦᠸᠠᠨ ᠤ ᠭᠠᠷ ᠡᠭᠦᠳᠦᠯᠲᠡ︾᠂ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠶᠢᠯᠠᠭᠠᠯᠲᠠ ᠶᠢᠨ ᠣᠷᠳᠣᠨ ᠪᠤᠢ᠃ ᠠᠳᠡ ᠵᠢᠯ ᠲᠤᠷᠰᠢ ᠵᠤᠭᠠᠴᠠᠭᠴᠢ ᠲᠠᠰᠤᠷᠠᠬᠤ ᠦᠭᠡᠢ ᠪᠠᠶᠢᠵᠦ᠂ ᠢᠯᠠᠩᠭᠤᠶ᠎ᠠ ᠠᠮᠠᠷᠠᠯᠲᠠ ᠶᠢᠨ ᠬᠤᠭᠤᠴᠠᠭᠠᠨ ᠳᠤ ᠬᠥᠷ ᠨᠠᠷᠭᠢᠶᠠᠨ ᠢᠶᠠᠷ ᠪᠢᠯᠬᠠᠨ᠎ᠠ᠃ ᠣᠷᠳᠣᠨ ᠤ ᠳᠣᠲᠣᠷ᠎ᠠ ︽ᠤᠭ ᠦᠨᠳᠦᠰᠦ ᠪᠠᠨ ᠡᠷᠢᠬᠦ ᠵᠠᠩ ᠦᠢᠯᠡ ᠶᠢᠨ ᠡᠬᠢ ᠡᠭᠦᠰᠦᠯ︾ ᠪᠣᠯᠤᠨ ︽ᠲᠦᠴᠢᠦᠸᠠᠨ ᠣᠷᠣᠨ ᠤ ᠵᠠᠭᠤᠨ ᠵᠢᠯ ᠤᠨ ᠵᠠᠩ ᠦᠢᠯᠡ ᠬᠤᠲᠠ ᠬᠤᠳᠳᠤᠭ ᠤᠨ ᠠᠮᠢᠳᠤᠷᠠᠯ︾ ᠭᠡᠬᠦ ᠭᠤᠣᠯ ᠰᠡᠳᠦᠪ ᠲᠠᠢ ᠪᠠᠶᠢᠵᠤ᠂ ᠤᠯᠠᠨ ᠵᠦᠢᠯ ᠤᠨ ᠠᠷᠭ᠎ᠠ ᠪᠠᠷᠢᠯ ᠢᠶᠠᠷ ᠲᠦᠴᠢᠦᠸᠠᠨ ᠰᠢᠶᠠᠨ ᠤ ᠭᠦᠨ ᠵᠤᠵᠠᠭᠠᠨ ᠵᠠᠩ ᠦᠢᠯᠡ ᠰᠣᠶᠣᠯ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠵᠦ᠂ ᠵᠤᠭᠠᠴᠠᠭᠰᠠᠳ ᠤᠨ ᠪᠤᠯᠢᠶᠠᠯᠳᠤᠨ ᠲᠤᠭᠤᠷᠢᠬᠤ ᠬᠠᠯᠠᠮᠰᠢᠯ ᠭᠠᠵᠠᠷ ᠪᠣᠯᠵᠠᠢ᠃
   ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ ᠣᠷᠣᠵᠤ᠂ ᠭᠦᠨ ᠨᠡᠪᠴᠢᠬᠦ ᠮᠠᠶᠢᠭ ᠤᠨ ᠲᠣᠭᠠᠴᠢᠯᠠᠭᠰᠠᠨ ᠪᠡᠶᠡᠴᠢᠯᠡᠨ ᠣᠶᠢᠯᠠᠭᠠᠯᠲᠠ᠂ ᠤᠯᠠᠨ ᠭᠠᠵᠠᠷ ᠲᠤ ᠪᠦᠷᠢᠨ ᠮᠡᠳᠡᠭᠡ ᠵᠠᠩᠭᠢ ᠶᠢᠨ ᠳᠦᠷᠰᠦ ᠰᠢᠩᠭᠡᠭᠡᠯᠲᠡ᠂ ᠵᠢᠪᠦᠮᠡᠯ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠣᠨ ᠵᠠᠢ᠂ VR ᠳᠦᠷᠰᠦ ᠰᠢᠩᠭᠡᠭᠡᠯᠲᠡ ᠵᠡᠷᠭᠡ ᠲᠣᠭᠠᠴᠢᠯᠠᠭᠰᠠᠨ ᠮᠡᠷᠭᠡᠵᠢᠯ ᠨᠢ ᠬᠥᠮᠦᠰ ᠤᠨ ᠠᠩᠬᠠᠷᠤᠯ ᠢ ᠲᠠᠲᠠᠵᠤ᠂ ᠲᠣᠭᠤᠷᠢᠨ ᠦᠵᠡᠭᠴᠢᠳ ᠬᠠᠷᠠᠭ᠎ᠠ᠂ ᠰᠣᠨᠣᠷ᠂ ᠦᠨᠦᠷ᠂ ᠠᠮᠳᠠ᠂ ᠬᠦᠷᠦᠯᠴᠡᠬᠦ ᠰᠡᠷᠡᠯ ᠢᠶᠠᠷ ᠲᠦᠴᠢᠦᠸᠠᠨ ᠤ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ ᠢ ᠮᠡᠳᠡᠷᠡᠵᠦ ᠪᠣᠯᠤᠨ᠎ᠠ᠃
   ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ︽ᠲᠦᠴᠢᠦᠸᠠᠨ ᠤ ᠰᠣᠶᠣᠯ ᠤᠨ ᠬᠠᠶᠢᠯᠲᠠ ᠶᠢᠨ ᠠᠶᠠᠯᠠᠯ︾ ᠤᠨ ᠣᠨᠴᠠᠯᠢᠭᠲᠤ ᠰᠤᠳᠤᠯᠤᠨ ᠰᠤᠷᠤᠯᠴᠠᠬᠤ ᠵᠠᠮ ᠱᠤᠭᠤᠮ ᠢ ᠨᠠᠷᠢᠨ ᠨᠢᠮᠪᠠᠶ ᠪᠠᠶᠢᠭᠤᠯᠵᠤ᠂ ᠰᠤᠷᠭᠠᠨ ᠬᠥᠮᠦᠵᠢᠭᠦᠯᠬᠦ ᠴᠢᠨᠠᠷ᠂ ᠰᠣᠨᠢᠷᠬᠠᠯᠲᠤ ᠴᠢᠨᠠᠷ ᠪᠠ ᠪᠡᠶᠡᠴᠢᠯᠡᠨ ᠣᠶᠢᠯᠠᠭᠠᠬᠤ ᠴᠢᠨᠠᠷ ᠢ ᠨᠢᠭᠡ ᠴᠣᠭᠴᠠᠵᠢᠭᠤᠯᠤᠭᠰᠠᠨ ᠰᠤᠳᠤᠯᠤᠨ ᠰᠤᠷᠤᠯᠴᠠᠬᠤ ᠦᠶᠯᠡᠳᠬᠦᠨ ᠤ ᠰᠢᠰᠲ᠋ᠧᠮ ᠢ ᠪᠦᠷᠢᠯᠳᠦᠭᠦᠯᠪᠡ᠃ ᠲᠡᠦᠬᠡ ᠰᠣᠶᠣᠯ ᠤᠨ ᠡᠬᠢ ᠰᠤᠷᠪᠤᠯᠵᠢ ᠶᠢ ᠬᠠᠶᠢᠨ ᠰᠢᠨᠵᠢᠯᠡᠬᠦ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠪᠤᠨ ᠶᠡᠭᠡ ᠭᠤᠤᠯ ᠰᠡᠳᠦᠪᠲᠦ ᠰᠤᠳᠤᠯᠤᠨ ᠰᠤᠷᠤᠯᠴᠠᠬᠤ ᠬᠢᠴᠢᠶᠡᠯ ᠢ ᠰᠢᠨ᠎ᠡ ᠪᠠᠷ ᠡᠭᠦᠳᠦᠨ ᠨᠡᠭᠡᠭᠡᠵᠦ᠂ ᠡᠭᠦᠨ ᠳᠤ ︽ᠲᠠᠷᠢᠶᠠᠯᠠᠩ ᠤᠨ ᠪᠣᠯᠪᠠᠰᠤᠨ ᠤ ᠣᠶᠢᠯᠠᠭᠠᠯᠲᠠ︾ ᠪᠠ ︽ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ︾ ᠬᠤᠶᠠᠷ ᠶᠡᠭᠡ ᠣᠨᠴᠠᠯᠢᠭᠲᠤ ᠬᠢᠴᠢᠶᠡᠯ ᠢ ᠨᠢᠭᠡᠨᠲᠡ ᠬᠢᠩᠭᠠᠨ ᠠᠶᠢᠮᠠᠭ ᠤᠨ ᠰᠤᠳᠤᠯᠤᠨ ᠰᠤᠷᠤᠯᠴᠠᠬᠤ ᠭᠠᠷ ᠳᠡᠪᠲᠡᠷ ᠤᠨ ᠭᠤᠤᠯᠳᠠᠯᠭ᠎ᠠ ᠲᠠᠢ ᠲᠠᠨᠢᠯᠴᠠᠭᠤᠯᠬᠤ ᠲᠥᠷᠥᠯ ᠵᠦᠶᠯ ᠳᠤ ᠣᠷᠣᠭᠤᠯᠤᠭᠰᠠᠨ ᠪᠥᠭᠡᠳ ᠬᠢᠩᠭᠠᠨ ᠠᠶᠢᠮᠠᠭ ᠤᠨ ᠠᠩᠬᠠᠳᠠᠭᠴᠢ ᠪᠦᠯᠦᠭ ᠰᠤᠳᠤᠯᠤᠨ ᠰᠤᠷᠤᠯᠴᠠᠬᠤ ᠵᠢᠭᠤᠯᠴᠢᠯᠠᠯ  ᠤᠨ ᠰᠠᠭᠤᠷᠢᠨ ᠭᠠᠵᠠᠷ ᠢᠶᠠᠷ ᠠᠮᠵᠢᠯᠲᠠ ᠲᠠᠢ ᠰᠣᠩᠭᠤᠭᠳᠠᠵᠤ᠂ 2024 ᠣᠨ ᠳᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠯᠬᠦᠮ ᠢ ᠨᠡᠶᠢᠲᠡ 51 ᠪᠦᠯᠦᠭ ᠤᠳᠠᠭ᠎ᠠ ᠭᠥᠯᠢᠶᠡᠨ ᠠᠪᠴᠤ᠂ ᠦᠶᠯᠡᠴᠢᠯᠡᠭᠰᠡᠨ‌‍ᠰᠤᠳᠤᠯᠤᠨ ᠰᠤᠷᠤᠯᠴᠠᠬᠤ ᠵᠤᠭᠠᠴᠠᠭᠰᠠᠳ 1.5 ᠲᠦᠮᠡᠨ ᠬᠥᠮᠦᠨ ᠤᠳᠠᠭ᠎ᠠ ᠶᠢ ᠳᠠᠪᠠᠪᠠ᠃
   ︽2025 ᠣᠨ ᠳᠤ ᠪᠢᠳᠡ ᠪᠠᠰᠠ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠤᠨ ᠠᠴᠢᠶᠠᠯᠠᠪᠤᠷᠢ  ᠶᠢ ᠪᠠᠶᠢᠭᠤᠯᠬᠤ ᠪᠠᠷ ᠦᠷᠭᠦᠯᠵᠢᠯᠡᠨ ᠲᠥᠯᠥᠪᠵᠢᠭᠦᠯᠵᠦ᠂ ᠭᠤᠤᠯ ᠰᠡᠳᠦᠪᠲᠦ ᠴᠢᠨᠠᠷᠲᠠᠶ ᠰᠣᠶᠣᠯ ᠢ ᠤᠯᠠᠮᠵᠢᠯᠠᠨ ᠵᠠᠯᠭᠠᠮᠵᠢᠯᠠᠬᠤ ᠭᠤᠤᠯ ᠰᠡᠳᠦᠪᠲᠦ ᠠᠵᠢᠯᠯᠠᠭ᠎ᠠ ᠶᠢᠨ ᠦᠵᠡᠭᠦᠯᠦᠯᠭᠡ ᠶᠢ ᠰᠡᠳᠦᠵᠦ᠂ ᠣᠯᠠᠨ ᠬᠡᠯᠪᠡᠷᠢ ᠶᠠᠩᠵᠤ ᠶᠢᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠦᠨ᠎ᠡ᠃ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠡᠭᠦᠷᠭᠡ ᠬᠠᠷᠢᠭᠤᠴᠠᠯᠭ᠎ᠠ ᠶᠢ ᠪᠠᠳᠠᠷᠠᠭᠤᠯᠤᠨ᠎ᠠ᠃ ᠣᠯᠠᠨ ᠲᠦᠮᠡᠨ ᠤ ᠮᠦᠽᠧᠶ ᠶᠢᠨ ᠲᠤᠬᠠᠶ ᠭᠦᠨᠵᠡᠭᠡᠶ ᠣᠶᠢᠯᠠᠭᠠᠯᠲᠠ ᠪᠠ ᠪᠦᠬᠦ ᠲᠠᠯ᠎ᠠ ᠶᠢᠨ ᠲᠠᠨᠢᠯᠲᠠ ᠶᠢ ᠨᠡᠮᠡᠭᠳᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠥᠷᠭᠡᠨ ᠢᠶᠠᠷ ᠤᠯᠠᠮᠵᠢᠯᠠᠬᠤ ᠪᠠ ᠪᠦᠬᠦ ᠲᠠᠯ᠎ᠠ ᠪᠠᠷ ᠳᠡᠯᠭᠡᠷᠡᠭᠦᠯᠬᠦ ᠶᠢ ᠬᠦᠴᠦᠲᠡᠶ ᠲᠦᠯᠬᠢᠨ ᠠᠬᠢᠭᠤᠯᠤᠨ᠎ᠠ᠃︾ ᠭᠡᠵᠦ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠳᠠᠷᠤᠭ᠎ᠠ ᠳ᠋ᠦᠩ ᠴᠢᠩ ᠢᠤᠢ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号