ᠡᠷᠳᠡᠨᠢ ᠰᠢᠰᠢ ᠶᠢᠨ ᠨᠢᠭᠳᠠ ᠲᠠᠷᠢᠵᠦ ᠥᠨᠳᠥᠷ ᠤᠨᠠᠯᠲᠠ ᠶᠢ ᠨᠠᠷᠢᠯᠢᠭ ᠣᠨᠣᠪᠴᠢᠲᠠᠶ ᠲᠣᠬᠢᠷᠠᠭᠤᠯᠤᠨ ᠡᠵᠡᠮᠳᠡᠬᠦ | ᠮᠡᠷᠭᠡᠵᠢᠯ ᠤᠨ ᠬᠡᠷᠡᠭᠯᠡᠭᠡᠨ ᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠮᠥ ᠪᠦᠷᠢ | ᠶᠢᠨ ᠤᠨᠠᠯᠲᠠ ᠶᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ | ᠲᠥᠯᠥᠭᠡ᠂ ᠣᠶᠢᠷ᠎ᠠ ᠳᠤ ᠱᠦᠶ ᠴᠢᠤᠸᠠᠨ ᠪᠠᠯᠭᠠᠰᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠵᠦ᠂ ᠪᠥᠬᠦ ᠪᠠᠯᠭᠠᠰᠤᠨ ᠤ ᠡᠯ᠎ᠡ ᠲᠣᠰᠬᠤᠨ ᠤ ᠲᠠᠷᠢᠮᠠᠯ ᠤᠨ ᠲᠣᠮᠣ ᠡᠷᠦᠬᠡ᠂ | ᠲᠠᠷᠢᠶᠠᠴᠢᠳ ᠤᠨ ᠲᠤᠰᠬᠠᠶ ᠬᠤᠷᠰᠢᠶ᠎ᠠ ᠵᠢᠴᠢ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠬᠠᠷᠢᠭᠤᠴᠠᠯᠭᠠᠲᠠᠨ | ᠨᠡᠶᠢᠲᠡ 100 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | | ᠪᠣᠯᠪᠠᠰᠤᠷᠠᠯ ᠤᠨ ᠠᠩᠭᠢ ᠳᠤ᠂ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠲᠣᠰ ᠭᠠᠵᠠᠷ ᠣᠷᠣᠨ | ᠤ ᠲᠠᠷᠢᠶᠠᠯᠠᠩ ᠤᠨ ᠦᠶᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠠᠷᠢᠶᠠᠴᠢᠨ ᠡᠷᠦᠬᠡ ᠳᠤ ᠡᠷᠳᠡᠨᠢ | ᠰᠢᠰᠢ ᠶᠢᠨ ᠦᠶᠯᠡᠳᠪᠦᠷᠢᠯᠡᠯ ᠳᠤ ᠲᠤᠯᠭᠠᠷᠠᠭᠰᠠᠨ ᠭᠤᠤᠯ ᠠᠰᠠᠭᠤᠳᠠᠯ᠂ ᠡᠷᠳᠡᠨᠢ ᠰᠢᠰᠢ ᠶᠢ ᠨᠢᠭᠲᠠ ᠲᠠᠷᠢᠵᠤ | ᠥᠨᠳᠥᠷ ᠤᠨᠠᠯᠲᠠ ᠶᠢ ᠣᠨᠣᠪᠴᠢᠲᠠᠶ ᠲᠣᠬᠢᠷᠠᠭᠤᠯᠬᠤ ᠮᠡᠷᠭᠡᠵᠢᠯ ᠵᠡᠷᠭᠡ ᠶᠢ ᠶᠠᠷᠢᠵᠦ᠂ ᠨᠠᠷᠢᠨ ᠨᠢᠮᠪᠠᠶ ᠭᠠᠵᠠᠷ | ᠲᠡᠭᠰᠢᠯᠡᠬᠦ᠂ ᠨᠢᠭᠲᠠ ᠲᠠᠷᠢᠬᠤ ᠡᠭᠦᠯᠳᠡᠷ ᠤᠨ ᠰᠣᠩᠭᠤᠯᠲᠠ᠂ ᠨᠠᠷᠢᠯᠢᠭ ᠣᠨᠣᠴᠠᠲᠠᠶ ᠲᠠᠷᠢᠬᠤ᠂ ᠨᠢᠯᠬ᠎ᠠ ᠴᠢᠬᠢ ᠶᠢᠨ | ᠠᠩᠬᠠᠨ ᠤ ᠬᠠᠮᠢᠶᠠᠷᠤᠯᠲᠠ᠂ ᠡᠪᠡᠰᠦ ᠠᠷᠢᠯᠭᠠᠬᠤ᠂ ᠵᠣᠬᠢᠰᠲᠠᠶ ᠪᠤᠷᠳᠤᠭᠤᠷ ᠣᠷᠣᠭᠤᠯᠬᠤ᠂ ᠡᠪᠡᠳᠴᠢᠨ ᠬᠤᠷᠣᠬᠠᠶ | ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ᠂ ᠴᠠᠭ ᠲᠤᠨᠢ ᠲᠤᠬᠢᠷᠠᠭᠤᠯᠤᠨ ᠬᠠᠳᠤᠵᠤ ᠬᠤᠷᠢᠶᠠᠬᠤ ᠵᠡᠷᠭᠡ | ᠡᠯ᠎ᠡ ᠭᠤᠭᠴᠤᠭ᠎ᠠ ᠳᠤ ᠨᠠᠷᠢᠨ ᠲᠠᠶᠢᠯᠪᠤᠷᠢᠯᠠᠯᠲᠠ ᠬᠢᠵᠦ᠂ ᠪᠠᠰᠠ ᠡᠷᠳᠡᠨᠢ ᠰᠢᠰᠢ ᠶᠢᠨ ᠤᠷᠭᠤᠯᠲᠠ ᠶᠢᠨ | ᠬᠤᠭᠤᠴᠠᠭᠠᠨ ᠤ ᠡᠪᠡᠳᠴᠢᠨ ᠬᠤᠷᠣᠬᠠᠶ ᠶᠢᠨ ᠬᠥᠨᠥᠭᠡᠯ ᠢ ᠢᠯᠭᠠᠨ ᠲᠠᠨᠢᠬᠤ ᠪᠠ ᠰᠡᠷᠭᠡᠶᠢᠯᠡᠨ ᠵᠠᠰᠠᠬᠤ᠂ ᠤᠰᠤ | ᠪᠣᠷᠳᠣᠭᠤᠷ ᠤᠨ ᠬᠠᠮᠢᠶᠠᠷᠤᠯᠲᠠ ᠵᠡᠷᠭᠡ ᠠᠯᠢ ᠣᠯᠠᠨ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠳᠤ ᠨᠠᠷᠢᠨ | ᠲᠠᠶᠢᠯᠪᠤᠷᠢᠯᠠᠯᠲᠠ ᠬᠢᠵᠡᠶ᠂ ᠲᠤᠬᠠᠶ ᠶᠢᠨ ᠲᠠᠯᠠᠪᠠᠢ ᠳᠤ ᠲᠠᠷᠢᠶᠠᠴᠢᠨ ᠡᠷᠦᠬᠡ ᠶᠢᠨ ᠳᠤᠷᠠᠳᠤᠭᠰᠠᠨ ᠲᠠᠷᠢᠬᠤ᠂ | ᠪᠣᠷᠣᠯᠠᠭᠤᠯᠬᠤ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠶᠯ ᠤᠨ ᠠᠰᠠᠭᠤᠳᠠᠯ ᠳᠤ ᠬᠠᠷᠢᠭᠤᠯᠲᠠ ᠦᠭᠴᠦ | ᠶᠠᠷᠢᠯᠴᠠᠭᠰᠠᠨ ᠪᠠᠶᠢᠨ᠎ᠠ᠃ | ︽ᠲᠤᠰᠬᠠᠢ ᠮᠡᠷᠭᠡᠵᠢᠯᠲᠡᠨ ᠤ ᠲᠠᠶᠢᠯᠪᠤᠷᠢᠯᠠᠬᠤ ᠶᠢ ᠰᠣᠨᠣᠰᠤᠭᠠᠳ ᠮᠠᠰᠢ ᠤᠯᠠᠨ ᠪᠣᠳᠠᠲᠤ ᠬᠡᠷᠡᠭᠯᠡᠭᠡᠨ ᠤ | ᠦᠢᠯᠡᠳᠪᠦᠷᠢᠯᠡᠯ ᠤᠨ ᠮᠡᠷᠭᠡᠵᠢᠯ ᠢ ᠰᠤᠷᠴᠤ ᠡᠵᠡᠮᠰᠢᠪᠡ᠂ ᠡᠨᠡ ᠨᠢ ᠡᠷᠳᠡᠨᠢ ᠰᠢᠰᠢ ᠶᠢᠨ ᠤᠨᠠᠯᠲᠠ ᠪᠣᠯᠤᠨ ᠶᠠᠰᠤ | ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠠᠷ ᠪᠠᠷᠠᠬᠤ ᠦᠬᠡᠢ᠂ ᠨᠡᠩ ᠴᠤ ᠮᠠᠨ ᠤ ᠤᠨᠠᠯᠳᠠ ᠶᠢ ᠨᠡᠮᠡᠭᠳᠡᠭᠦᠯᠵᠦ | ᠣᠷᠣᠯᠭ᠎ᠠ ᠪᠠᠨ ᠨᠡᠮᠡᠭᠳᠡᠭᠦᠯᠬᠦ ᠳᠤ ᠠᠰᠢᠭᠲᠠᠢ ᠶᠤᠮ᠃︾ ᠭᠡᠵᠦ ᠯᠦᠩ ᠴᠢᠤᠸᠠᠨ ᠲᠣᠰᠬᠤᠨ ᠤ ᠲᠠᠷᠢᠮᠠᠯ ᠤᠨ | ᠡᠷᠦᠬᠡ ᠼᠤᠤ ᠰᠢ ᠯᠢᠶᠠᠩ ᠬᠡᠯᠡᠪᠡ᠃ | | ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠨ ᠲᠠᠷᠢᠶᠠᠴᠢᠨ ᠡᠷᠦᠬᠡ ᠡᠷᠳᠡᠨᠢ ᠰᠢᠰᠢ ᠳᠠᠷᠢᠬᠤ ᠲᠡᠷᠢᠭᠦᠨ | ᠤ ᠮᠡᠷᠭᠡᠵᠢᠯ ᠢ ᠪᠥᠬᠦ ᠲᠠᠯ᠎ᠠ ᠪᠠᠷ ᠡᠵᠡᠮᠰᠢᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠲᠥᠷᠥᠯ ᠵᠦᠶᠯ ᠤᠨ ᠵᠠᠭᠪᠤᠷ᠂ ᠬᠡᠷᠡᠭᠯᠡᠭᠡᠨ ᠤ ᠮᠡᠷᠭᠡᠵᠢᠯ ᠢ ᠭᠦᠶᠴᠡᠳ ᠣᠶᠢᠯᠠᠭᠠᠵᠤ᠂ ᠪᠥᠬᠦ | ᠪᠠᠯᠭᠠᠰᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠶᠯ ᠢ ᠤᠯᠠᠮ | ᠨᠢᠭᠡ ᠠᠯᠬᠤᠮ ᠳᠡᠯᠭᠡᠷᠡᠭᠦᠯᠦᠨ ᠬᠡᠷᠡᠭᠵᠢᠭᠦᠯᠵᠦ᠂ ᠲᠠᠷᠢᠶᠠᠯᠠᠩ ᠤᠨ ᠦᠶᠯᠡᠳᠪᠦᠷᠢᠯᠡᠯ ᠤᠨ ᠦᠷ᠎ᠡ ᠠᠰᠢᠭ ᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠵᠠᠯᠭᠠᠭᠠᠳ ᠱᠦᠶ ᠴᠢᠤᠸᠠᠨ ᠪᠠᠯᠭᠠᠰᠤ ᠲᠥᠷᠥᠯ ᠵᠦᠶᠯ ᠤᠨ ᠬᠡᠷᠡᠭᠵᠢᠭᠦᠯᠦᠯᠲᠡ ᠶᠢ ᠠᠬᠢᠭᠤᠯᠬᠤ ᠠᠵᠢᠯ ᠢ ᠤᠯᠠᠮ | ᠨᠢᠭᠡ ᠠᠯᠬᠤᠮ ᠰᠠᠶᠢᠲᠤᠷ ᠠᠳᠬᠤᠵᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠡᠯ᠎ᠡ ᠵᠦᠶᠯ ᠤᠨ ᠮᠡᠷᠭᠡᠵᠢᠯ ᠢ ᠲᠠᠷᠢᠶᠠᠨ ᠭᠠᠵᠠᠷ ᠲᠤ ᠦᠨᠡᠨ ᠬᠦ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ | ᠲᠣᠮᠣ ᠡᠷᠦᠬᠡ ᠶᠢᠨ ᠮᠡᠷᠭᠡᠵᠢᠯ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠲᠠᠷᠢᠶᠠᠴᠢᠨ ᠡᠷᠦᠬᠡ ᠶᠢᠨ ᠤᠨᠠᠯᠳᠠ | ᠢᠶᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠠᠮᠤ ᠪᠤᠳᠠᠭᠠᠨ ᠤ ᠦᠶᠯᠡᠳᠪᠦᠷᠢᠯᠡᠯ | ᠤᠨ ᠲᠣᠭᠲᠠᠭᠤᠨ ᠪᠠᠶᠢᠳᠠᠯ ᠢ ᠴᠢᠷᠮᠠᠶᠢᠨ ᠪᠠᠲᠤᠯᠠᠨ᠎ᠠ᠃ |