2 ᠳ᠋ᠤᠭᠠᠷ ᠰᠠᠷ᠎ᠠ ᠶᠢᠨ 22 ᠤᠨ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ | ᠤᠨ ᠲᠣᠪᠴᠢᠶ᠎ᠠ᠂ ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ ︽ | ᠬᠢᠩᠭᠠᠨ ᠠᠶᠢᠮᠠᠭ ᠤᠨ ᠬᠠᠪᠤᠷ ᠤᠨ ᠮᠥᠰᠥ ᠴᠠᠰᠤᠨ ᠤ ᠤᠯᠠᠷᠢᠯ︾ ᠤᠨ ᠲᠦᠴᠢᠦᠸᠠᠨ ᠰᠢᠶᠠᠨ ᠤ ︽ᠪᠡᠶ᠎ᠡ ᠶᠢᠨ | ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠮᠥᠰᠥ ᠴᠠᠰᠤᠨ ᠤ ᠰᠣᠨᠢᠷᠬᠠᠯᠲᠤ ᠠᠵᠢᠯᠯᠠᠭ᠎ᠠ ᠵᠢᠩᠬᠢᠨᠢ ᠪᠠᠷ | ᠡᠬᠢᠯᠡᠪᠡ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠪᠠᠶᠢᠭᠤᠯᠭ᠎ᠠ ᠨᠢᠭᠡᠴᠢ᠂ ᠰᠤᠷᠭᠠᠭᠤᠯᠢ ᠶᠢᠨ 10 | ᠲᠥᠯᠥᠭᠡᠯᠡᠭᠴᠢᠳ ᠤᠨ ᠠᠩᠭᠢ ᠶᠢᠨ 200 ᠭᠠᠷᠤᠶ ᠬᠥᠮᠦᠨ ᠤᠷᠤᠯᠳᠤᠭᠠᠨ ᠳᠤ ᠣᠷᠣᠯᠴᠠᠪᠠ᠃ | | ᠬᠠᠩᠭᠢᠨᠠᠮ᠎ᠠ ᠳᠠᠭᠤᠨ ᠳᠤᠮᠳᠠ᠂ ᠴᠠᠰᠤᠨ ᠲᠡᠭᠡᠷ᠎ᠡ ᠳᠡᠭᠡᠰᠦ ᠲᠠᠲᠠᠬᠤ ᠬᠦᠴᠦ ᠪᠠ ᠤᠷ᠎ᠠ ᠮᠡᠷᠭᠡᠵᠢᠯ ᠤᠨ | ᠲᠡᠮᠡᠴᠡᠭᠡᠨ ᠡᠬᠢᠯᠡᠪᠡ᠃ ᠡᠩᠨᠡᠭᠡ ᠨᠢᠭᠡᠪᠦᠷᠢ ᠨᠢ ᠴᠥᠮ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠡᠭᠡᠰᠦᠨ | ᠠᠴᠠ ᠲᠠᠲᠠᠵᠤ᠂ ᠢᠯᠠᠯᠳᠠ ᠣᠯᠬᠤ ᠭᠡᠵᠦ ᠪᠠᠶᠢᠳᠠᠯ᠎ᠠ ᠪᠠᠨ ᠡᠰᠡ ᠯᠡ ᠬᠠᠮᠲᠤ ᠪᠠᠷ ᠬᠠᠯᠲᠤᠷᠢᠵᠤ ᠤᠨᠠᠬᠤ ᠰᠢᠬᠠᠨ᠎ᠠ᠂ | ᠠᠬᠤᠶ ᠲᠠᠯᠠᠪᠠᠢ ᠳᠤ ᠠᠶᠤᠯ ᠲᠦᠭᠰᠢᠭᠦᠷᠢ ᠲᠠᠢ ᠪᠥᠭᠡᠳ ᠰᠡᠳᠦᠯᠲᠡ ᠲᠠᠢ᠂ ᠲᠤᠬᠠᠶ ᠶᠢᠨ ᠲᠠᠯᠠᠪᠠᠢ ᠶᠢᠨ ᠬᠠᠰᠬᠢᠷᠬᠤ | ᠳᠠᠭᠤᠨ ᠪᠠ ᠢᠨᠢᠶᠡᠬᠦ ᠳᠠᠭᠤᠨ ᠰᠣᠯᠪᠢᠴᠠᠵᠤ᠂ ᠪᠦᠬᠦ ᠤᠷᠤᠯᠳᠤᠭᠠᠨ ᠤ ᠲᠤᠬᠠᠶ ᠶᠢᠨ ᠲᠠᠯᠠᠪᠠᠢ ᠶᠢᠨ ᠥᠷᠨᠢᠯᠲᠡ᠂ | ᠣᠷᠭᠢᠯᠤᠮ᠎ᠠ ᠰᠡᠳᠬᠢᠯᠭᠡ ᠣᠷᠭᠢᠯᠵᠤ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠤᠳᠠᠭ᠎ᠠ ᠳᠠᠷᠠᠭᠠᠯᠠᠨ | ᠣᠷᠭᠢᠯ ᠳᠤ ᠬᠦᠷᠭᠡᠪᠡ᠃ | | ︽ᠠᠯᠪᠠᠨ ᠭᠡᠷ ᠠᠴᠠ ᠭᠠᠷᠴᠤ ᠡᠶᠢᠮᠦ ᠤᠷᠤᠯᠳᠤᠭᠤᠨ ᠳᠤ ᠤᠷᠤᠯᠴᠠᠭᠠᠳ ᠪᠢᠳᠡ ᠮᠠᠰᠢ ᠪᠠᠶᠠᠷᠲᠠᠶ ᠪᠠᠶᠢᠨ᠎ᠠ᠃ | ᠡᠨᠡ ᠤᠳᠠᠭᠠᠨ ᠤ ᠠᠵᠢᠯᠯᠠᠭ᠎ᠠ ᠨᠢ ᠬᠠᠮᠲᠤ ᠠᠵᠢᠯᠲᠠᠨ ᠤ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠭᠰᠠᠨ ᠢᠶᠠᠷ | ᠪᠠᠷᠠᠬᠤ ᠦᠭᠡᠢ᠂ ᠨᠠᠩ ᠴᠤ ᠪᠢᠳᠡᠨ ᠳᠤ ᠮᠥᠰᠥ ᠴᠠᠰᠤᠨ ᠤ ᠷᠢᠳᠢ ᠰᠢᠳᠢ ᠶᠢ ᠮᠡᠳᠡᠷᠡᠭᠦᠯᠪᠡ᠃ ᠣᠶᠢᠷ᠎ᠠ ᠶᠢᠨ ᠵᠢᠯ | ᠤᠳ ᠲᠤ᠂ ᠮᠠᠨ ᠤ ᠰᠢᠶᠠᠨ ᠤ ᠵᠢᠭᠤᠯᠴᠢᠯᠠᠯ ᠤᠨ ᠦᠶᠯᠡᠰ ᠤᠨ ᠬᠥᠭᠵᠢᠯᠲᠡ ᠤᠯᠠᠮ ᠠᠴᠠ ᠤᠯᠠᠮ ᠰᠠᠶᠢᠵᠢᠷᠠᠵᠤ᠂ | ᠠᠵᠢᠯ ᠤᠨ ᠴᠢᠯᠥᠭᠡ ᠪᠠᠷ ᠢᠶᠠᠨ ᠨᠠᠩ ᠣᠯᠠᠨ ᠰᠡᠯᠡᠭᠦᠴᠡᠯ ᠤᠨ ᠭᠠᠵᠠᠷ ᠲᠠᠢ ᠪᠣᠯᠵᠣ᠂ ᠭᠠᠳᠠᠷ ᠣᠷᠣᠨ ᠤ ᠨᠠᠶᠢᠵᠠ | ᠨᠠᠷ ᠥᠪᠡᠷ ᠤᠨ ᠨᠤᠲᠤᠭ ᠤᠰᠤ ᠪᠠᠨ ᠲᠠᠨᠢᠯᠴᠠᠭᠤᠯᠬᠤ ᠳᠤ ᠴᠤ ᠨᠠᠩ ᠣᠮᠣᠭᠰᠢᠵᠤ ᠪᠠᠶᠢᠨ᠎ᠠ᠃︾ ᠭᠡᠵᠦ | ᠲᠦᠴᠢᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠠᠵᠢᠯᠲᠠᠨ ᠮᠠ ᠰᠧ ᠢᠤᠢ ᠬᠡᠯᠡᠪᠡ᠃ | | ᠨᠢᠭᠡᠨ ᠴᠡᠭᠡᠯᠬᠡᠨ ᠱᠦᠭᠯᠦ ᠶᠢᠨ ᠳᠠᠭᠤᠨ ᠢ ᠳᠠᠭᠠᠯᠳᠤᠨ᠂ ᠭᠤᠶᠢᠳᠠ ᠰᠠᠢᠬᠠᠨ ᠴᠠᠰᠤᠨ ᠲᠡᠭᠡᠷᠡᠬᠢ ᠬᠥᠯ | ᠪᠥᠮᠪᠦᠭᠡ ᠵᠢᠩᠬᠢᠨᠢ ᠪᠠᠷ ᠤᠷᠤᠯᠳᠤᠭᠠᠨ ᠡᠬᠢᠯᠡᠪᠡ᠃ ᠪᠥᠮᠪᠥᠭᠡᠴᠢᠨ ᠴᠠᠰᠤᠨ ᠳᠡᠭᠡᠷ᠎ᠡ ᠲᠠᠪᠬᠢᠵᠦ᠂ ᠬᠥᠯ ᠳᠣᠣᠷ᠎ᠠ | ᠵᠥᠭᠡᠯᠡᠨ ᠮᠥᠷᠲᠡᠭᠡᠨ ᠵᠢᠭᠠᠬᠠᠨ ᠭᠤᠯᠭᠤᠮᠠᠲᠠᠭᠠᠢ ᠴᠠᠰᠤ ᠲᠠᠢ᠃ ᠲᠡᠳᠡ ᠴᠠᠰᠤᠨ ᠳᠡᠭᠡᠷᠡᠬᠢ ᠣᠨᠴᠠᠯᠢᠭ ᠢ ᠤᠷᠠᠨ | ᠳᠡᠮᠲᠡᠶ ᠠᠰᠢᠭᠯᠠᠵᠤ᠂ ᠵᠠᠷᠢᠮ ᠳᠠᠭᠠᠨ ᠪᠥᠮᠪᠦᠭᠡ ᠶᠢ ᠲᠦᠷᠭᠡᠨ ᠳᠠᠭᠠᠭᠤᠯᠤᠨ ᠰᠢᠪᠲᠤᠯᠵᠤ᠂ ᠵᠠᠷᠢᠮ ᠳᠠᠭᠠᠨ ᠪᠠᠴᠢᠮ | ᠲᠣᠷᠣᠮᠰᠤᠯᠠᠨ ᠰᠠᠬᠢᠵᠤ᠂ ᠬᠦᠳᠡᠷ ᠴᠢᠭᠢᠷᠠᠭ ᠪᠡᠶ᠎ᠡ ᠴᠣᠭᠴᠠᠰ ᠴᠠᠰᠤᠨ ᠳᠤᠮᠳᠠᠭᠤᠷ ᠰᠦᠯᠵᠢᠯᠳᠦᠵᠦ᠂ ᠪᠦᠬᠦ | ᠤᠷᠤᠯᠳᠤᠭᠠᠨ ᠤ ᠶᠠᠪᠤᠴᠠ ᠶᠢᠨ ᠭᠢᠯᠠᠰ ᠴᠡᠭ ᠨᠢ ᠲᠠᠰᠤᠷᠠᠯᠲᠠ ᠦᠭᠡᠢ ᠭᠤᠶᠢᠳᠠ ᠰᠠᠢᠬᠠᠨ ᠬᠠᠷᠠᠭᠳᠠᠨ᠎ᠠ᠃ | | | | | | ︽ᠪᠢ ᠰᠠᠶ᠋ᠢ ᠡᠨᠡ ᠤᠳᠠᠭᠠᠨ ᠤ ᠤᠷᠤᠯᠳᠤᠭᠠᠨ ᠢ ᠬᠢᠵᠦ ᠪᠠᠷᠠᠭᠠᠳ᠂ ᠮᠠᠰᠢ ᠰᠡᠳᠬᠢᠯ ᠳᠣᠭᠳᠣᠯᠵᠤ᠂ ᠠᠩᠭᠢ | ᠶᠢᠨ ᠨᠥᠬᠦᠳ ᠲᠠᠢ ᠪᠠᠨ ᠮᠠᠰᠢ ᠰᠠᠶᠢᠨ ᠬᠠᠮᠵᠢᠯᠴᠠᠪᠠ᠂ ᠪᠢ ᠡᠶᠢᠮᠦ ᠤᠷᠤᠯᠳᠤᠭᠠᠨ ᠳᠤ ᠣᠷᠣᠯᠴᠠᠬᠤ ᠮᠠᠰᠢ ᠳᠤᠷᠠᠲᠠᠶ | ᠂ ᠮᠢᠨᠦ ᠪᠠᠴᠢᠮ ᠪᠠᠶᠢᠭ᠎ᠠ ᠰᠤᠷᠤᠯᠭ᠎ᠠ ᠶᠢᠨ ᠪᠠᠶᠢᠳᠠᠯ ᠳᠣᠣᠷ᠎ᠠ ᠰᠡᠳᠭᠢᠯ ᠰᠠᠨᠠᠭ᠎ᠠ ᠪᠠᠨ ᠰᠤᠯᠠᠳᠬᠠᠵᠤ ᠳᠡᠢᠯᠦᠨ᠎ᠡ᠃︾ | ᠭᠡᠵᠦ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢᠨ | ᠭᠡᠰᠢᠭᠦᠨ ᠵᠠᠩ ᠹᠠᠨ ᠬᠡᠯᠡᠪᠡ᠃ | | | | | | ᠴᠠᠰᠤᠨ ᠳᠡᠭᠡᠷᠡᠬᠢ ᠪᠤᠤᠯᠢᠩ ᠪᠥᠮᠪᠦᠭᠡ᠂ ᠴᠠᠰᠤᠨ ᠳᠡᠭᠡᠷᠡᠬᠢ ᠰᠠᠬᠤᠯᠢᠭ ᠬᠤᠷᠣᠬᠠᠶ᠂ ᠴᠠᠰᠤᠨ ᠳᠡᠭᠡᠷ᠎ᠡ ᠡᠰᠢ | ᠲᠣᠭᠤᠷᠢᠨ ᠭᠦᠶᠦᠬᠦ᠂ ᠴᠠᠰᠤᠨ ᠳᠡᠭᠡᠷ᠎ᠡ ᠶᠠᠪᠠᠭᠠᠨ ᠠᠯᠬᠤᠬᠤ ᠵᠡᠷᠭᠡ ᠣᠯᠠᠨ ᠤᠷᠤᠯᠳᠤᠭᠠᠨ ᠤ ᠵᠦᠢᠯ ᠨᠢ ᠲᠤᠰ | ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠤᠯᠭ᠎ᠠ ᠶᠢ ᠨᠠᠩ ᠡᠯᠪᠡᠭ ᠪᠠᠶᠠᠯᠢᠭ ᠪᠣᠯᠭᠠᠪᠠ᠃ ᠰᠣᠨᠢᠷᠬᠠᠯᠲᠤ | ᠤᠷᠤᠯᠳᠤᠭᠠᠨ ᠨᠢᠭᠡᠪᠦᠷᠢ ᠨᠢ ᠺᠠᠳ᠋ᠷ ᠠᠵᠢᠯᠲᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠣᠶᠣᠯ | ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠳᠬᠠᠪᠠ᠃ | | | ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠴᠠᠭᠠᠨ ᠳᠡᠯᠡᠬᠡᠶ ᠴᠦ ᠠᠯᠲᠠ ᠮᠥᠩᠭᠦᠨ ᠠᠭᠤᠯᠠ ᠮᠥᠨ᠂ | ᠣᠶᠢᠷ᠎ᠠ ᠶᠢᠨ ᠵᠢᠯ ᠳᠤ᠂ ᠲᠦᠴᠢᠦᠸᠠᠨ ᠰᠢᠶᠠᠨ ᠲᠤᠬᠠᠢ ᠶᠢᠨ ᠭᠠᠵᠠᠷ ᠤᠨ ᠬᠥᠭᠵᠢᠯᠲᠡ ᠶᠢᠨ ᠳᠠᠪᠠᠭᠤᠯᠢᠭ ᠲᠠᠭᠠᠨ | ᠲᠦᠰᠢᠭᠯᠡᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠵᠤ ᠦᠶᠯᠡᠰ ᠢ ᠲᠠᠰᠤᠷᠠᠯᠲᠠ ᠥᠬᠡᠶ ᠨᠡᠭᠡᠭᠡᠨ | ᠬᠥᠭᠵᠢᠭᠦᠯᠵᠦ ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠴᠢᠨᠠᠷ ᠲᠠᠰ ᠪᠠ ᠵᠡᠷᠭᠡ ᠳᠡᠰ ᠢ | ᠦᠷᠭᠦᠯᠵᠢᠯᠡᠨ ᠳᠡᠭᠡᠭᠰᠢᠯᠡᠭᠦᠯᠵᠦ᠂ ︽ᠬᠦᠶᠲᠡᠨ ᠡᠬᠢ ᠪᠠᠶᠠᠯᠢᠭ︾ ᠢᠶᠠᠷ ︽ᠬᠠᠯᠠᠭᠤᠨ ᠠᠵᠤ ᠠᠬᠤᠢ︾ ᠶᠢ | ᠳᠠᠶᠢᠴᠢᠯᠠᠬᠤ ᠪᠠᠷ ᠴᠢᠷᠮᠠᠶᠢᠵᠤ ᠪᠠᠶᠢᠨ᠎ᠠ᠃ | |