ᠲᠦᠴᠢᠦᠸᠠᠨ ᠪᠠᠯᠭᠠᠰᠤ ᠠᠷᠢᠭᠤᠨ ᠴᠡᠪᠡᠷ ᠢ ᠡᠷᠬᠢᠯᠡᠵᠦ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠦᠵᠡᠰᠬᠦᠯᠡᠩᠲᠦ ᠰᠠᠶᠢᠬᠠᠨ ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/2/26
   ᠪᠥᠬᠦ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠴᠡᠪᠡᠷ ᠲᠡᠭᠰᠢ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠶ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠦᠯᠦᠭᠡ᠃ ᠵᠢᠯ ᠤᠨ ᠡᠬᠢᠨ ᠠᠴᠠ᠂ ᠲᠦᠴᠢᠦᠸᠠᠨ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠲᠠᠭᠠᠷᠢᠯᠲᠠ ᠶᠢᠨ ᠪᠦᠷᠢᠶ᠎ᠡ︾ ᠶᠢ ᠪᠥᠬᠦ ᠲᠠᠯ᠎ᠠ ᠪᠠᠷ ᠬᠠᠩᠭᠢᠨᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠤ ︽ᠥᠩᠭᠡ ᠵᠢᠰᠦ︾ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
   ᠴᠠᠷᠭᠢᠯ ᠬᠤᠯᠪᠤᠭ᠎ᠠ ᠬᠠᠩᠬᠢᠨᠠᠵᠦ᠂ ᠪᠣᠯᠪᠠᠰᠤᠨ ᠰᠤᠷᠲᠠᠯ ᠴᠢᠬᠢᠨ ᠳᠤ ᠰᠣᠨᠣᠰᠳᠠᠨ᠎ᠠ    ︽ᠶᠡᠭᠡ ᠡᠩᠡ ᠨᠡᠷ ᠰᠠᠶᠢᠬᠠᠨ ᠰᠣᠨᠣᠰ᠂ ᠲᠠᠷᠢᠶᠠᠨ ᠡᠮ ᠤᠨ ᠯᠣᠩᠬᠤ ᠶᠢ ᠪᠢᠲᠡᠭᠡᠢ ᠳᠤᠷ᠎ᠠ ᠪᠠᠷ ᠬᠠᠶᠠ᠂ ᠠᠷᠪᠠᠨ ᠬᠤᠭᠤᠰᠣᠨ ᠯᠣᠩᠬᠤ ᠪᠠᠷ ᠨᠢᠭᠡ ᠤᠭᠤᠲᠠ ᠳᠠᠪᠤᠰᠤ ᠰᠤᠯᠢᠨ᠎ᠠ᠂ ᠴᠡᠪᠡᠷ ᠬᠦᠷᠢᠶ᠎ᠡ ᠪᠠᠷ ᠪᠠᠰᠠ ᠤᠯᠠᠭᠠᠨ ᠲᠤᠭ ᠢ ᠦᠨᠡᠯᠡᠵᠦ ᠪᠣᠯᠤᠨ᠎ᠠ︕︾ ᠭᠡᠮᠡᠨ ᠰᠢᠨ ᠱᠧᠩ ᠲᠣᠰᠬᠤᠨ ᠤ ᠲᠣᠰᠬᠤᠨ ᠤ ᠠᠯᠪᠠᠨ ᠭᠡᠷ ᠲᠤ ᠥᠪᠡᠷᠮᠢᠴᠡ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠢᠳᠡ ᠬᠦᠭ ᠲᠠᠢ ᠶᠠᠪᠤᠭᠳᠠᠵᠤ ᠪᠠᠶᠢᠯ᠎ᠠ᠃ ᠲᠣᠭᠯᠠᠯᠲᠠ ᠶᠢᠨ ᠲᠠᠶᠢᠰᠠᠨ ᠳᠡᠭᠡᠷᠡᠬᠢ ᠴᠠᠷᠭᠢᠯ ᠬᠤᠯᠪᠣᠭ᠎ᠠ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠰᠣᠨᠣᠰᠪᠤᠷᠢᠲᠠᠶ ᠰᠠᠶᠢᠬᠠᠨ ᠶᠠᠷᠢᠵᠠᠶ᠃ ᠡᠨᠡ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠲᠤ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠤᠯᠠᠮᠵᠢᠯᠠᠵᠤ᠂ ᠤᠳᠬ᠎ᠠ ᠤᠷᠠᠯᠢᠭ ᠤᠨ ᠬᠠᠷᠠᠭᠠᠯᠵᠠᠯ ᠦᠵᠡᠭᠦᠯᠬᠦ ᠲᠣᠭᠯᠠᠯᠲᠠ ᠪᠣᠯ ᠰᠢᠨ᠎ᠡ ᠮᠡᠨᠳᠦᠯᠡᠭᠰᠡᠨ ᠲᠣᠰᠬᠤᠨ ᠤ ᠪᠣᠯᠪᠠᠰᠤᠨ ᠨᠤᠲᠤᠭ  ᠤᠨ ᠰᠤᠷᠲᠠᠯ ᠢ ᠪᠤᠢ ᠪᠣᠯᠭᠠᠬᠤ ᠴᠢᠬᠤᠯᠠ ᠠᠷᠭ᠎ᠠ ᠬᠡᠯᠪᠡᠷᠢ ᠶᠢᠨ ᠨᠢᠭᠡ ᠪᠣᠯᠤᠨ᠎ᠠ᠂ ᠴᠠᠷᠭᠢᠯ ᠬᠤᠯᠪᠣᠭ᠎ᠠ᠂ ᠱᠤᠭ ᠵᠦᠴᠦᠭᠡ᠂ ᠳᠠᠭᠤᠤ ᠪᠥᠵᠢᠭ ᠵᠡᠷᠭᠡ ᠬᠡᠯᠪᠡᠷᠢ ᠪᠠᠷ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠤᠳᠬ᠎ᠠ ᠤᠷᠠᠯᠢᠭ ᠤᠨ ᠲᠣᠭᠯᠠᠯᠲᠠ ᠳᠤ ᠠᠭᠤᠰᠤᠯᠴᠠᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠲᠣᠰᠬᠤᠨ ᠤ ᠠᠷᠠᠳ ᠨᠢᠭᠡᠪᠦᠷᠢ ᠳᠤ ᠳᠠᠮᠵᠢᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠣᠰᠬᠤᠨ ᠤ ᠠᠷᠠᠳ᠂ ᠡᠶᠢᠮᠦᠷᠬᠦ ᠤᠬᠠᠭᠤᠯᠭ᠎ᠠ ᠶᠢᠨ ᠬᠡᠯᠪᠡᠷᠢ ᠨᠢ ᠰᠣᠨᠢᠷᠬᠠᠯᠲᠠᠶ ᠮᠥᠷᠲᠡᠭᠡᠨ ᠣᠯᠠᠨ ᠲᠦᠮᠡᠨ ᠲᠠᠢ ᠣᠶᠢᠷᠠᠲᠤᠵᠤ᠂ ᠣᠯᠠᠨ ᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠵᠠᠶ᠃
   ᠪᠦᠬᠦ ᠠᠷᠠᠳ ᠢᠶᠠᠷ ᠢᠶᠠᠨ ︽ᠠᠷᠢᠭᠤᠨ ᠴᠡᠪᠡᠷ︾ ᠪᠠᠶᠢᠵᠤ᠂ ᠬᠥᠳᠡᠭᠡ ᠲᠣᠰᠬᠤᠨ ᠤ ︽ᠭᠤᠶᠤ ᠵᠢᠰᠦ︾ ᠶᠢ ᠴᠠᠭ ᠮᠦᠴᠡ ᠪᠠᠷᠢᠮᠲᠠᠯᠠᠨ᠎ᠠ    ᠳ᠋ᠦᠩᠱᠧᠩ ᠲᠣᠰᠬᠤᠨ ᠳᠤ᠂ ᠡᠷᠦᠬᠡ ᠪᠣᠯᠭᠠᠨ ᠣᠷᠣᠯᠴᠠᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠢᠳᠡ ᠬᠦᠭ ᠲᠠᠢ ᠶᠠᠪᠤᠭᠳᠠᠵᠤ ᠪᠠᠶᠢᠯ᠎ᠠ᠃ ᠥᠷᠯᠥᠭᠡ ᠶᠢᠨ ᠨᠡᠷᠡᠨ ᠤ ᠭᠡᠷᠡᠯ ᠳ᠋ᠦᠩᠱᠧᠩ ᠲᠣᠰᠬᠤᠨ ᠤ ᠴᠡᠪᠡᠷ ᠲᠡᠭᠰᠢ ᠲᠣᠰᠬᠤᠨ ᠤ ᠵᠠᠮ ᠳᠤ ᠲᠤᠰᠴᠤ᠂ ᠲᠣᠰᠬᠤᠨ ᠤ ᠠᠷᠠᠳ ᠱᠦᠭᠦᠷ᠂ ᠬᠦᠷᠵᠡ ᠪᠠᠷᠢᠵᠤ᠂ ᠠᠵᠢᠯ ᠤᠨ ᠬᠤᠪᠢᠶᠠᠷᠢᠯᠠᠯ ᠲᠣᠳᠣᠷᠬᠠᠢ᠂ ᠡᠷᠴᠢ ᠵᠣᠷᠢᠭ ᠲᠡᠭᠦᠯᠳᠡᠷ ᠪᠠᠶᠢᠯ᠎ᠠ᠃ ᠲᠠᠳᠠ ᠬᠡᠷ ᠪᠠᠶᠢᠰᠢᠩ ᠤᠨ ᠢᠶᠠᠨ ᠠᠷᠤ ᠥᠪᠥᠷ ᠤᠨ ᠬᠤᠭ ᠨᠣᠪᠰᠢ ᠡᠯᠳᠡᠪ ᠪᠣᠳᠠᠰ ᠢ ᠴᠡᠪᠡᠷᠯᠡᠬᠦ ᠪᠠᠷ ᠪᠠᠷᠠᠬᠤ ᠥᠬᠡᠶ ᠪᠠᠰᠠ ᠲᠣᠰᠬᠤᠨ ᠤ ᠳᠣᠲᠣᠷᠠᠬᠢ ᠵᠠᠮ᠂ ᠡᠷᠡᠭᠦᠯ ᠬᠠᠮᠠᠭᠠᠯᠠᠯ ᠤᠨ ᠦᠯᠦ ᠤᠨᠤᠭᠳᠠᠬᠤ ᠦᠨᠴᠦᠭ ᠪᠤᠯᠤᠩ ᠢ ᠲᠠᠷᠠᠭᠠᠯᠠᠨ ᠴᠡᠪᠡᠷᠯᠡᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠠᠲᠤᠯᠠᠵᠠᠶ᠃ ᠡᠶᠢᠮᠦᠷᠬᠦᠦ ᠪᠠᠶᠢᠳᠠᠯ ᠲᠦᠴᠢᠦᠸᠠᠨ ᠪᠠᠯᠭᠠᠰᠤᠨ ᠤ ᠪᠤᠰᠤᠳ ᠲᠣᠰᠬᠤᠨ ᠳᠤ ᠭᠠᠵᠠᠷ ᠪᠣᠯᠭᠠᠨ ᠳᠤ ᠬᠠᠷᠠᠭᠳᠠᠵᠤ᠂ 41 ᠲᠣᠰᠬᠤᠨ ᠪᠦᠬᠦ ᠲᠠᠯ᠎ᠠ ᠪᠠᠷ ᠳᠠᠶᠢᠴᠢᠯᠠᠵᠤ᠂ ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠲᠣᠰᠬᠤᠨ ᠤ ᠠᠷᠠᠳ ᠢᠳᠡᠪᠬᠢᠲᠡᠢ ᠴᠤᠤᠷᠢᠶᠠᠲᠤᠵᠤ᠂ ︽ᠬᠥᠮᠦᠨ ᠪᠦᠬᠦᠨ ᠣᠷᠣᠯᠴᠠᠵᠤ᠂ ᠡᠷᠦᠬᠡ ᠪᠦᠬᠦᠨ ᠬᠥᠳᠡᠯᠦᠯᠴᠡᠭᠰᠡᠨ︾ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠡᠢ᠃ ︽ᠤᠳᠤ ᠲᠣᠰᠬᠤᠨ ᠳᠤ ᠴᠡᠪᠡᠷ ᠴᠡᠮᠴᠡᠭᠡᠷ ᠪᠤᠯᠵᠤ᠂ ᠤᠯᠠᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠴᠤ ᠳᠡᠭᠡᠭᠰᠢᠯᠡᠵᠦ᠂ ᠬᠤᠭ ᠨᠣᠪᠰᠢ ᠶᠢ ᠳᠤᠷ᠎ᠠ ᠪᠠᠷ ᠬᠠᠶᠠᠬᠤ ᠦᠵᠡᠭᠳᠡᠯ ᠤᠯᠠᠮ ᠠᠴᠠ ᠤᠯᠠᠮ ᠪᠠᠭᠠᠰᠴᠠᠢ᠃︾ ᠭᠡᠵᠦ ᠳ᠋ᠦᠩᠱᠧᠩ ᠲᠣᠰᠬᠤᠨ ᠤ ᠠᠷᠠᠳ ᠰᠦᠨ ᠵᠦᠸᠧ ᠬᠡᠯᠡᠪᠡ᠃ ᠣᠷᠴᠢᠨ ᠲᠣᠭᠤᠷᠢᠨ ᠰᠠᠶᠢᠨ ᠪᠣᠯᠪᠠᠯ ᠠᠮᠢᠳᠤᠷᠠᠯ ᠨᠠᠩ ᠲᠠᠭᠠᠯᠠᠮᠵᠢᠲᠠᠶ ᠪᠣᠯᠤᠨ᠎ᠠ᠃ ᠲᠣᠰ ᠤᠳᠠᠭᠠᠨ ᠤ ᠴᠡᠭᠴᠡᠯᠡᠨ ᠵᠠᠰᠠᠯᠲᠠ ᠪᠠᠷ ᠳᠡᠮᠵᠢᠨ ᠂ ᠲᠦᠴᠢᠦᠸᠠᠨ ᠪᠠᠯᠭᠠᠰᠤᠨ ᠤ ᠲᠣᠰᠬᠤᠨ ᠴᠣ ᠰᠢᠨ᠎ᠡ ᠳᠦᠷᠰᠦ ᠪᠠᠶᠢᠳᠠᠯ ᠲᠠᠢ ᠪᠣᠯᠵᠣ᠂ ᠴᠡᠪᠡᠷ ᠴᠡᠮᠴᠡᠭᠡᠷ᠂ ᠣᠷᠣᠰᠢᠨ ᠰᠠᠭᠤᠬᠤ ᠳᠤ ᠲᠠᠭᠠᠯᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠵᠡᠮᠵᠢ ᠪᠠᠶᠢᠳᠠᠯ ᠠᠭᠠᠵᠢᠮ ᠢᠶᠠᠷ ᠳᠡᠯᠭᠡᠭᠳᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号