ᠪᠦᠬᠦ ᠬᠤᠲᠠ ᠶᠢᠨ ᠬᠦᠴᠦᠨ ᠢ ᠬᠤᠷᠠᠮᠳᠤᠭᠤᠯᠵᠤ ᠨᠠᠰᠤᠨ ᠳᠤ ᠥᠯᠥ ᠭᠦᠷᠦᠭᠰᠡᠳ ᠤᠨ ᠡᠷᠡᠭᠦᠯ ᠴᠢᠭᠢᠷᠠᠭ ᠦᠰᠦᠨ ᠪᠣᠶᠢᠵᠢᠯᠲᠠ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/2/26
   ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠢᠩᠭᠠᠨ ᠠᠶᠢᠮᠠᠭ ᠤᠨ ᠨᠡᠷᠡᠨ ᠭᠡᠷᠡᠯᠲᠦ ᠰᠡᠳᠬᠢᠴᠡ ᠶᠢᠨ ᠡᠷᠡᠭᠦᠯ ᠮᠡᠨᠳᠦ ᠶᠢᠨ ᠵᠥᠪᠯᠡᠯᠭᠡ ᠥᠭᠬᠦ ᠲᠥᠪ ᠲᠠᠢ ᠬᠠᠮᠲᠤᠷᠠᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠢᠳᠡᠪᠬᠢᠲᠡᠶ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠪᠠ᠃
   ᠲᠦᠴᠢᠦᠸᠠᠨ ᠰᠢᠶᠠᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠤᠨ ᠠᠵᠢᠯᠯᠠᠭᠠᠨ ᠤ ᠠᠬᠤᠶ ᠲᠠᠯᠠᠪᠠᠶ ᠳᠤ᠂ ᠰᠡᠳᠬᠢᠴᠡ ᠶᠢᠨ ᠵᠥᠪᠯᠡᠯᠭᠡ ᠥᠭᠭᠦᠭᠴᠢ ᠶᠠᠭ ᠳᠡᠷᠭᠡᠳᠡᠬᠢ ᠪᠣᠳᠠᠲᠠᠶ ᠵᠢᠱᠢᠶ᠎ᠡ  ᠲᠠᠢ ᠪᠠᠨ ᠤᠶᠠᠯᠳᠤᠭᠤᠯᠤᠨ᠂ ᠨᠠᠰᠤᠨ ᠳᠤ ᠥᠯᠥ ᠭᠦᠷᠦᠭᠰᠡᠳ ᠤᠨ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠵᠤ ᠪᠠᠶᠢᠨ᠎ᠠ᠂ ᠵᠢᠱᠢᠶᠡᠯᠡᠪᠡᠯ ᠰᠤᠷᠤᠯᠭ᠎ᠠ ᠶᠢᠨ ᠳᠠᠷᠤᠭᠠᠰᠤ᠂ ᠨᠡᠶᠢᠭᠡᠮ ᠤᠨ ᠬᠠᠷᠢᠯᠴᠠᠭᠠᠨ ᠤ ᠬᠦᠴᠢᠷᠳᠡᠯ᠂ ᠤᠷᠮ᠎ᠠ ᠰᠡᠳᠬᠢᠯᠭᠡ ᠶᠢᠨ ᠬᠠᠮᠢᠶᠠᠷᠤᠯᠲᠠ ᠵᠢᠴᠢ ᠬᠡᠷ ᠤᠨ ᠠᠬᠠᠮᠠᠳ ᠤᠨ ᠰᠤᠷᠭᠠᠨ ᠬᠥᠮᠦᠵᠢᠯ ᠤᠨ ᠶᠠᠪᠤᠴᠠ ᠳᠠᠬᠢ ᠨᠡᠪᠲᠡᠷᠡᠯᠴᠡᠬᠦ ᠤᠷ᠎ᠠ ᠮᠡᠷᠭᠡᠰᠢᠯ ᠪᠠ ᠰᠡᠳᠬᠢᠴᠡ ᠶᠢᠨ ᠵᠣᠬᠢᠴᠠᠭᠤᠯᠭ᠎ᠠ ᠶᠢᠨ ᠠᠷᠭ᠎ᠠ ᠮᠠᠶ᠋ᠢᠭ᠂ ᠬᠡᠷ ᠤᠨ ᠠᠬᠠᠮᠠᠳ ᠪᠣᠯᠤᠨ ᠬᠡᠦᠬᠡᠳ ᠢ ᠬᠠᠪᠰᠤᠷᠤᠨ ᠢᠳᠡᠪᠬᠢᠲᠡᠶ ᠥᠭᠡᠳᠡᠷᠬᠡᠭ ᠰᠡᠳᠬᠢᠴᠡ ᠲᠠᠢ ᠪᠣᠯᠭᠠᠵᠤ᠂ ᠠᠮᠢᠳᠤᠷᠠᠯ ᠪᠠ ᠰᠤᠷᠤᠯᠴᠠᠯᠭ᠎ᠠ ᠶᠢᠨ ᠶᠠᠪᠤᠴᠠ ᠳᠤ ᠡᠭᠦᠰᠦᠭᠰᠡᠨ ᠠᠰᠠᠭᠤᠳᠠᠯ ᠳᠤ ᠨᠠᠩ ᠰᠠᠶᠢᠨ ᠬᠠᠨᠳᠤᠭᠤᠯᠬᠤ ᠪᠣᠯᠤᠨ᠎ᠠ᠃
   ︽ᠥᠩᠭᠡᠷᠡᠭᠰᠡᠨ ᠳᠤ ᠪᠢ ᠬᠡᠦᠬᠡᠳ ᠢ ᠭᠡᠳᠡᠰᠦ ᠴᠠᠳᠬᠤᠯᠠᠩ ᠮᠥᠷᠥ ᠪᠦᠲᠦᠨ᠂ ᠰᠤᠷᠤᠯᠭ᠎ᠠ ᠶᠢᠨ ᠬᠢᠷᠢ ᠪᠦᠲᠦᠮᠵᠢ ᠰᠠᠶᠢᠨ ᠯᠠ ᠪᠣᠯ ᠪᠣᠯᠴᠢᠬᠠᠨ᠎ᠠ ᠭᠡᠵᠦ ᠪᠤᠳᠤᠭᠰᠠᠭᠠᠷ ᠢᠷᠡᠵᠡᠢ᠂ ᠲᠡᠳᠡᠨ ᠤ ᠰᠡᠳᠬᠢᠯ ᠳᠤ ᠪᠠᠰᠠ ᠮᠠᠰᠢ ᠣᠯᠠᠨ ᠪᠤᠬᠢᠨᠢᠳᠤᠯ ᠪᠠᠶᠢᠬᠤ ᠶᠢ ᠶᠡᠷᠦ ᠠᠴᠠ ᠪᠣᠳᠣᠵᠤ ᠣᠯᠤᠭ᠎ᠠ ᠦᠭᠡᠢ᠃ ᠡᠨᠡ ᠤᠳᠠᠭᠠᠨ ᠤ ᠰᠡᠳᠬᠢᠯ ᠤᠨ ᠬᠢᠴᠢᠶᠡᠯ ᠢᠶᠠᠷ ᠳᠠᠮᠵᠢᠨ᠂ ᠪᠢ ᠬᠡᠦᠬᠡᠳ ᠲᠠᠢ ᠬᠠᠷᠢᠯᠴᠠᠬᠤ ᠮᠡᠷᠭᠡᠵᠢᠯ ᠢ ᠮᠠᠰᠢ ᠣᠯᠠᠨ ᠣᠯᠵᠤ ᠰᠤᠷᠴᠠᠢ᠂ ᠰᠡᠭᠦᠯᠡᠷ ᠪᠢ ᠬᠡᠦᠬᠡᠳ ᠤᠨ ᠵᠣᠭᠰᠣᠴᠠ ᠠᠴᠠ ᠠᠰᠠᠭᠤᠳᠠᠯ ᠢ ᠢᠯᠡᠭᠦᠬᠡᠨ ᠪᠣᠳᠣᠯᠬᠢᠯᠠᠵᠤ᠂ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠰᠠᠶᠢᠲᠤᠷ ᠠᠩᠬᠠᠷᠤᠨ᠎ᠠ᠃︾ ᠭᠡᠵᠦ ᠰᠠᠭᠤᠭᠠᠯᠢ ᠠᠷᠠᠳ ᠫᠠᠨ ᠶᠢᠨ ᠯᠢᠩ ᠬᠡᠯᠡᠪᠡ᠃
   ᠰᠡᠳᠬᠢᠴᠡ ᠶᠢᠨ ᠵᠥᠪᠯᠡᠯᠭᠡ ᠥᠭᠬᠦ ᠲᠠᠰᠤᠭ ᠲᠤ᠂ ᠬᠡᠦᠬᠡᠳ ᠤᠳ ᠰᠡᠳᠬᠢᠴᠡ ᠶᠢᠨ ᠵᠥᠪᠯᠡᠯᠭᠡ ᠥᠭᠭᠦᠭᠴᠢ  ᠶᠢᠨ ᠵᠢᠯᠣᠭᠤᠳᠣᠯᠭ᠎ᠠ ᠳᠣᠤᠷ᠎ᠠ ᠡᠯᠡᠰᠦᠨ ᠲᠣᠭᠯᠠᠭᠠᠮ ᠤᠨ ᠬᠡᠯᠪᠡᠷᠢ ᠪᠠᠷ ᠬᠠᠪᠰᠤᠷᠤᠨ ᠵᠢᠯᠣᠭᠤᠳᠴᠤ᠂ ᠡᠯᠡᠰᠦ᠂ ᠲᠣᠭᠯᠠᠭᠠᠮ ᠢᠶᠠᠷ ᠳᠡᠮᠵᠢᠨ ᠬᠡᠦᠬᠡᠳ ᠤᠨ ᠳᠣᠲᠣᠭᠠᠳᠤ ᠰᠡᠳᠬᠢᠯ ᠤᠨ ᠶᠢᠷᠲᠢᠨᠴᠦ ᠶᠢ ᠭᠦᠨᠵᠡᠭᠡᠶ ᠤᠶᠢᠯᠠᠭᠠᠨ᠂ ᠬᠡᠷ  ᠤᠨ ᠠᠬᠠᠮᠠᠳ ᠢ ᠬᠠᠪᠰᠤᠷᠤᠨ ᠬᠡᠦᠬᠡᠳ ᠤᠨ ᠳᠣᠲᠣᠭᠠᠳᠤ ᠰᠡᠳᠬᠢᠯ ᠤᠨ ᠬᠥᠳᠡᠯᠭᠡᠭᠡᠨ ᠢ ᠨᠠᠩ ᠭᠦᠨᠵᠡᠭᠡᠶ ᠣᠶᠢᠯᠠᠭᠠᠭᠤᠯᠵᠤ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠵᠦ ᠪᠠᠶᠢᠨ᠎ᠠ᠃    ︽ᠪᠢ ᠥᠩᠭᠡᠷᠡᠭᠰᠡᠨ ᠳᠤ ᠶᠡᠷᠦᠨᠢ ᠠᠪᠤ ᠡᠵᠢ ᠪᠠᠨ ᠨᠠᠮᠠᠶᠢ ᠣᠶᠢᠯᠠᠭᠠᠬᠤ ᠥᠬᠡᠶ ᠭᠡᠵᠦ ᠪᠤᠳᠤᠳᠠᠭ᠂ ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ᠂ ᠲᠡᠳᠡᠨ ᠳᠤ ᠪᠠᠰᠠ ᠮᠠᠰᠢ ᠣᠯᠠᠨ ᠬᠢᠯᠪᠠᠷ ᠪᠤᠰᠤ ᠶᠠᠪᠤᠳᠠᠯ ᠪᠠᠶᠢᠬᠤ ᠶᠢ ᠮᠡᠳᠡᠵᠡᠶ᠂ ᠬᠤᠵᠢᠮ ᠠᠰᠠᠭᠤᠳᠠᠯ ᠲᠤᠯᠭᠠᠷᠠᠪᠠᠯ ᠲᠡᠳᠡᠨ ᠲᠠᠢ ᠢᠯᠡᠭᠦᠬᠡᠨ ᠬᠠᠷᠢᠯᠴᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠶᠳᠪᠦᠷᠢᠯᠡᠨ᠎ᠡ᠂ ᠬᠤᠶᠢᠰᠢᠳᠠ ᠡᠶᠢᠮᠦᠷᠬᠦ ᠠᠵᠢᠯᠯᠠᠭ᠎ᠠ ᠳᠤ ᠢᠯᠡᠭᠦᠬᠡᠨ ᠣᠷᠣᠯᠴᠠᠬᠤ ᠶᠢ ᠬᠦᠰᠡᠵᠦ ᠪᠠᠶᠢᠨ᠎ᠠ᠃︾ ᠭᠡᠵᠦ ᠰᠠᠭᠤᠭᠠᠯᠢ ᠠᠷᠠᠳ ᠯᠧᠩ ᠴᠢᠩ ᠴᠢᠦ ᠬᠡᠯᠡᠪᠡ᠃
   ᠲᠦᠴᠢᠦᠸᠠᠨ ᠰᠢᠶᠠᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠠᠷᠢᠨ ᠨᠢᠮᠪᠠᠶ ᠲᠥᠯᠥᠪᠯᠡᠨ ᠪᠠᠶᠢᠭᠤᠯᠵᠤ᠂ ᠭᠠᠷ ᠦᠶᠯᠡᠳᠬᠡᠯ  ᠤᠨ ᠲᠠᠰᠤᠭ᠂ ᠡᠴᠢᠭᠡ ᠡᠬᠡ ᠬᠡᠦᠬᠡᠳ ᠤᠨ ᠠᠵᠢᠯᠯᠠᠭᠠᠨ ᠤ ᠲᠠᠰᠤᠭ᠂ ᠰᠡᠳᠬᠢᠴᠡ ᠶᠢᠨ ᠵᠥᠪᠯᠡᠯᠭᠡ ᠥᠭᠬᠦ ᠲᠠᠰᠤᠭ ᠵᠡᠷᠭᠡ ᠴᠢᠳᠠᠮᠵᠢᠳᠤ ᠣᠷᠣᠨ ᠪᠦᠰᠡ ᠶᠢ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠪᠠ ᠬᠡᠷ ᠲᠡᠭᠡᠨ ᠬᠤᠴᠣᠷᠤᠭᠰᠠᠨ ᠬᠡᠦᠬᠡᠳ ᠲᠤ ᠠᠮᠤᠷ ᠲᠦᠪᠰᠢᠨ᠂ ᠬᠠᠯᠠᠭᠤᠨ ᠳᠤᠯᠠᠭᠠᠨ ᠦᠰᠦᠨ ᠪᠣᠶᠢᠵᠢᠬᠤ ᠣᠷᠴᠢᠨ ᠨᠥᠬᠦᠴᠡᠯ  ᠢ ᠬᠠᠩᠭᠠᠵᠤ᠂ ᠮᠥᠨ ᠴᠦ ᠨᠡᠶᠢᠭᠡᠮ ᠳᠤ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠢᠳᠡᠪᠬᠢ ᠬᠦᠴᠦᠨ ᠢ ᠳᠠᠮᠵᠢᠭᠤᠯᠵᠤ᠂ ᠰᠢᠶᠠᠨ ᠤ ᠬᠡᠪᠴᠢᠶᠡᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠳᠥᠯᠭᠢᠨ ᠠᠬᠢᠭᠤᠯᠪᠠ᠃    ︽ᠨᠠᠰᠤᠨ ᠳᠤ ᠥᠯᠥ ᠭᠦᠷᠦᠭᠰᠡᠳ ᠶᠠᠭ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠢ ᠣᠮᠲᠣᠭᠠᠶᠢᠯᠠᠵᠤ ᠪᠣᠯᠬᠤ ᠥᠬᠡᠶ᠃ ᠪᠢᠳᠡ ᠡᠨᠡ ᠤᠳᠠᠭᠠᠨ ᠤ ᠰᠡᠳᠬᠢᠴᠡ ᠶᠢᠨ ᠬᠢᠴᠢᠶᠡᠯ ᠤᠨ ᠲᠠᠩᠬᠢᠮ ᠢ ᠡᠷᠭᠢᠯᠡᠭᠰᠡᠨ ᠨᠢ ᠳᠠᠷᠤᠶ ᠬᠡᠦᠬᠡᠳ ᠪᠣᠯᠤᠨ ᠬᠡᠷ  ᠤᠨ ᠠᠬᠠᠮᠠᠳ ᠲᠤ ᠨᠡᠪᠲᠡᠷᠡᠯᠴᠡᠬᠦ ᠬᠥᠭᠦᠷᠭᠡ ᠲᠠᠯᠪᠢᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠤ ᠰᠡᠳᠬᠢᠴᠡ ᠶᠢᠨ ᠠᠰᠠᠭᠤᠳᠠᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠬᠤᠶᠢᠰᠢᠳᠠ ᠪᠢᠳᠡ ᠪᠠᠰᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠤᠨ ᠡᠷᠬᠢᠯᠡᠭᠴᠢ ᠸᠠᠩ ᠴᠢᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号