ᠲᠦᠴᠢᠦᠸᠠᠨ ᠰᠢᠶᠠᠨ ᠤ ᠠᠶᠤᠯᠭᠦᠶ ᠦᠶᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠵᠠᠭᠤᠨ ᠡᠳᠦᠷ  ᠤᠨ ᠪᠣᠭᠤᠮᠲᠠ ᠰᠢᠪᠲᠤᠯᠬᠤ ᠠᠵᠢᠯᠯᠠᠭ᠎ᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/28
   2 ᠰᠠᠷ᠎ᠠ ᠶᠢᠨ 27 ᠤ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ ᠠᠶᠤᠯᠭᠦᠶ ᠦᠶᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠵᠤ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠠᠶᠤᠯᠭᠦᠶ ᠦᠶᠯᠡᠳᠪᠦᠷᠢᠯᠡᠯ᠂ ᠬᠠᠪᠤᠷ  ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠤᠯᠳᠠᠯᠭ᠎ᠠ  ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠵᠠᠩ ᠳ᠋ᠧ ᠢᠤᠢ᠂ ᠯᠢᠦ ᠢ ᠸᠧᠢ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ ᠬᠤᠷᠠᠯ ᠨᠢ ᠸᠢᠳᠢᠣ᠋ ᠬᠡᠯᠪᠡᠷᠢ ᠪᠠᠷ ᠡᠯ᠎ᠡ ᠰᠢᠶᠠᠩ ᠪᠠᠯᠭᠠᠰᠤ ᠬᠦᠷᠲᠡᠯ᠎ᠡ ᠬᠤᠷᠠᠯᠳᠤᠪᠠ᠃    ᠬᠤᠷᠠᠯ ᠠᠴᠠ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠲᠠᠶᠢᠪᠤᠰᠢᠷᠠᠬᠤ ᠪᠤᠳᠤᠯ᠂ ᠭᠤᠷᠢᠳᠠᠬᠤ ᠪᠤᠳᠤᠯ ᠪᠣᠯᠤᠨ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠣᠯᠤᠨ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ  ᠶᠢ ᠤᠷᠢᠳᠠᠪᠠᠷ ᠪᠣᠳᠣᠯᠬᠢᠯᠠᠵᠤ᠂ ᠪᠡᠯᠡᠳᠬᠡᠯ ᠲᠥᠰᠦᠯ ᠢ ᠤᠷᠢᠳᠠᠪᠠᠷ ᠬᠢᠵᠦ᠂ ᠠᠵᠢᠯ ᠢᠶᠠᠨ ᠤᠷᠢᠳᠠᠪᠠᠷ ᠬᠢᠬᠦ ᠬᠡᠷᠡᠭᠲᠡᠢ    ᠬᠤᠷᠠᠯ ᠠᠴᠠ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠪᠦᠬᠦ ᠰᠢᠶᠠᠨ ᠳᠠᠶᠠᠭᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠡᠷᠴᠢᠮ ᠢᠶᠠᠨ ᠴᠠᠭ ᠢᠮᠠᠭᠲᠠ ᠴᠢᠩᠭᠠᠯᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠣᠷᠣᠨ᠂ ᠠᠶᠢᠮᠠᠭ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠰᠢᠶᠠᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠠᠵᠢᠯ ᠤᠨ ᠰᠦᠷ ᠬᠦᠴᠦᠲᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ︽ᠠᠷᠪᠠ ᠶᠢ ᠰᠡᠷᠭᠡᠶᠢᠯᠡᠵᠦ ᠶᠢᠰᠦ ᠶᠢ ᠬᠤᠭᠤᠰᠣᠨ ᠪᠠᠶᠢᠯᠭᠠᠬᠤ ᠠᠴᠠ ᠪᠢᠰᠢ᠂ ᠰᠡᠷᠭᠡᠶᠢᠯᠡᠯᠲᠡ ᠲᠤᠲᠠᠭᠳᠠᠵᠤ ᠭᠡᠨᠡᠳᠲᠡ ᠶᠢᠨ ᠶᠠᠪᠤᠳᠠᠯ ᠡᠭᠦᠰᠬᠦ︾ ᠲᠤᠯᠭᠠᠮ ᠪᠤᠳᠤᠯ ᠢᠶᠠᠷ᠂ ᠭᠤᠣᠯᠳᠠᠯᠭ᠎ᠠ ᠲᠠᠢ ᠭᠤᠭᠴᠤᠭ᠎ᠠ ᠶᠢᠨ ᠬᠦᠷᠢᠶ᠎ᠡ ᠶᠢ ᠲᠤᠪᠤᠶᠢᠯᠭᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ  ᠶᠢ ᠦᠷᠭᠦᠯᠵᠢᠯᠡᠨ ᠠᠬᠢᠭᠤᠯᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ᠂ ᠡᠯ᠎ᠡ ᠣᠶ ᠰᠢᠭᠤᠶ  ᠶᠢᠨ ᠲᠠᠯᠠᠪᠠᠶ᠂ ᠠᠶᠢᠯ ᠲᠣᠰᠬᠤᠨ ᠵᠢᠴᠢ ᠡᠪᠦᠭᠡᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠳᠬᠤᠵᠤ ᠠᠮᠤᠷ ᠲᠦᠪᠰᠢᠨ ᠢ ᠪᠠᠲᠤᠯᠠᠵᠤ᠂ ᠪᠦᠬᠦ ᠰᠢᠶᠠᠨ ᠤ ᠬᠢᠨ ᠴᠤᠭ ᠰᠦᠯᠳᠡ ᠪᠠᠨ ᠪᠠᠳᠠᠷᠠᠭᠤᠯᠵᠤ᠂ ᠪᠠᠶᠢᠳᠠᠯ ᠳᠠᠭᠠᠨ ᠣᠷᠣᠵᠤ᠂ ᠰᠡᠷᠭᠡᠶᠢᠯᠡᠯᠲᠡ ᠪᠠᠨ ᠴᠢᠩᠭᠠᠳᠬᠠᠵᠤ᠂ ᠠᠵᠢᠯ ᠢᠶᠠᠨ ᠪᠣᠳᠠᠲᠠᠶ ᠬᠢᠬᠦ ᠬᠡᠷᠡᠭᠲᠡᠶ᠃ ︽ᠴᠠᠭ ᠢᠮᠠᠭᠲᠠ ᠰᠡᠳᠬᠢᠯ ᠠᠮᠤᠷ ᠦᠭᠡᠢ︾ ᠪᠠᠶᠢᠵᠤ᠂ ᠨᠡᠩ ᠴᠢᠩᠭ᠎ᠠ ᠰᠡᠷᠭᠡᠶᠢᠯᠡᠬᠦ ᠬᠡᠷᠡᠭᠲᠡᠢ︔ ︽ᠶᠠᠪᠤᠳᠠᠯ ᠪᠦᠬᠦᠨ ᠳᠤ ᠴᠢᠩᠭ᠎ᠠ ᠠᠳᠬᠤᠵᠤ︾᠂ ᠬᠢᠨᠠᠯᠲᠠ ᠬᠠᠮᠢᠶᠠᠷᠤᠯᠲᠠ ᠶᠢ ᠥᠨᠴᠥᠭ ᠪᠤᠯᠤᠩ ᠦᠯᠡᠳᠡᠭᠡᠯ ᠥᠬᠡᠶ ᠪᠦᠷᠬᠦᠭᠦᠯᠬᠦ ᠬᠡᠷᠡᠭᠲᠡᠶ︔ ᠬᠥᠮᠦᠨ ᠪᠦᠬᠦᠨ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ᠂ ᠡᠩᠨᠡᠭᠡ ᠪᠦᠬᠦ ᠲᠠᠯ᠎ᠠ ᠪᠠᠷ ᠪᠠᠲᠤ ᠴᠢᠩᠭ᠎ᠠ ᠪᠠᠶᠢᠬᠤ ᠬᠡᠷᠡᠭᠲᠡᠢ᠃ ᠠᠮᠤᠷ ᠲᠦᠪᠰᠢᠨ ᠤ ᠤᠯᠠᠭᠠᠨ ᠱᠤᠭᠤᠮ ᠢ ᠡᠷᠡᠰ ᠰᠠᠬᠢᠵᠤ᠂ ᠪᠦᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号