ᠣᠶᠢᠷ᠎ᠠ ᠶᠢᠨ ᠬᠤᠭᠤᠴᠠᠭᠠᠨ ᠳᠤ ᠶᠡᠭᠡ ᠰᠠᠯᠬᠢᠨ ᠤ ᠨᠥᠯᠥᠭᠡ ᠪᠠᠷ ᠭᠠᠯ ᠰᠡᠷᠭᠡᠶᠢᠯᠡᠬᠦ ᠪᠠᠶᠢᠳᠠᠯ ᠬᠦᠨᠳᠦ | ᠨᠣᠴᠢᠲᠠᠶ ᠪᠠᠶᠢᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ | ᠪᠠᠲᠤᠯᠠᠬᠤ ᠶᠢᠨ ᠲᠥᠯᠥᠭᠡ᠂ ᠪᠤᠤ ᠱᠢ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠠᠷᠤᠶ ᠲᠦᠷᠭᠡᠨ | ᠬᠥᠳᠡᠯᠦᠯᠴᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠯ ᠰᠡᠷᠭᠡᠶᠢᠯᠡᠬᠦ ᠤᠬᠠᠭᠤᠯᠭ᠎ᠠ ᠪᠠ | ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠪᠠ᠃ | | ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠵᠤ᠂ ᠭᠠᠯ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ᠃ ᠪᠤᠤ ᠱᠢ ᠪᠠᠯᠭᠠᠰᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠬᠠᠪᠤᠷ ᠤᠨ ᠤᠯᠠᠷᠢᠯ ᠤᠨ | ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠪᠠᠶᠢᠷᠢᠯᠠᠭᠤᠯᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ ᠲᠦᠶᠮᠡᠷ ᠢ | ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠪᠥᠬᠦ ᠠᠷᠠᠳ ᠤᠨ ᠲᠦᠶᠮᠡᠷ ᠢ ᠰᠡᠷᠭᠡᠶᠢᠯᠡᠬᠦ ᠠᠭᠤᠷ ᠠᠮᠢᠰᠬᠤᠯ ᠢ ᠪᠣᠶ | ᠪᠣᠯᠭᠠᠪᠠ᠃ ᠲᠣᠰᠬᠤᠨ ᠤ ᠷᠠᠳᠢᠣ᠋ ᠨᠡᠪᠲᠡᠷᠡᠭᠦᠯᠭᠡ᠂ ᠨᠡᠭᠦᠳᠡᠯ ᠤᠬᠠᠭᠤᠯᠭ᠎ᠠ ᠶᠢᠨ ᠲᠡᠷᠭᠡ ᠶᠢ ᠠᠰᠢᠭᠯᠠᠨ ᠭᠠᠯ | ᠰᠡᠷᠭᠡᠶᠢᠯᠡᠬᠦ ᠮᠡᠳᠡᠯᠭᠡ ᠶᠢ ᠡᠭᠡᠯᠵᠢᠯᠡᠨ ᠨᠡᠪᠲᠡᠷᠡᠭᠦᠯᠵᠦ᠂ ︽ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ | ᠬᠤᠯᠪᠤᠬᠤ︾ ᠭᠡᠬᠦ ᠵᠢᠷᠭᠢᠶ᠎ᠡ ᠶᠢᠨ ᠪᠦᠯᠦᠭ ᠲᠤ ᠭᠠᠯ ᠰᠡᠷᠭᠡᠶᠢᠯᠡᠬᠦ ᠰᠠᠨᠠᠭᠤᠯᠤᠮᠵᠢ ᠵᠢᠴᠢ ᠭᠠᠯ ᠤᠨᠲᠠᠷᠠᠭᠠᠬᠤ ᠪᠠᠴᠢᠮ | ᠪᠠᠶᠢᠳᠠᠯ ᠢ ᠠᠷᠭᠠᠴᠠᠭᠠᠬᠤ ᠤᠲᠠᠰᠤ ᠶᠢ ᠲᠡᠷᠡ ᠳᠠᠷᠤᠶ ᠳᠤᠨᠢ ᠳᠠᠮᠵᠢᠭᠤᠯᠤᠨ ᠲᠠᠷᠬᠠᠭᠠᠵᠤ᠂ ᠲᠣᠰᠬᠤᠨ ᠤ ᠠᠷᠠᠳ | ᠲᠤ ᠭᠠᠯ ᠬᠡᠷᠡᠭᠯᠡᠬᠦ ᠠᠮᠤᠷ ᠲᠦᠪᠰᠢᠨ ᠢ ᠠᠩᠬᠠᠷᠬᠤ ᠶᠢ ᠰᠠᠨᠠᠭᠤᠯᠪᠠ᠃ ᠲᠣᠰᠬᠤᠨ ᠤ ᠳᠣᠲᠣᠷᠠᠬᠢ ᠭᠤᠣᠯ ᠵᠠᠮ ᠤᠨ | ᠠᠭᠤᠯᠵᠠᠷ᠂ ᠠᠭᠤᠳᠠᠮ ᠲᠠᠯᠠᠪᠠᠶ ᠵᠡᠷᠭᠡ ᠢᠯᠡ ᠪᠠᠶᠢᠷᠢ ᠳᠤ ᠭᠠᠯ ᠰᠡᠷᠭᠡᠶᠢᠯᠡᠬᠦ ᠤᠷᠢᠶ᠎ᠠ ᠯᠣᠽᠦ᠋ᠩ ᠡᠯᠭᠦᠵᠦ᠂ ᠭᠠᠯ | ᠰᠡᠷᠭᠡᠶᠢᠯᠡᠬᠦ ᠤᠬᠠᠭᠤᠯᠭ᠎ᠠ ᠶᠢᠨ ᠲᠤᠭ ᠢᠶᠠᠨ ᠬᠠᠳᠬᠤᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ | ᠢ ᠨᠡᠮᠡᠭᠳᠡᠭᠦᠯᠵᠦ᠂ ᠤᠬᠠᠭᠤᠯᠭ᠎ᠠ ᠶᠢᠨ ᠪᠦᠬᠦᠨ ᠢ ᠬᠠᠮᠤᠷᠬᠤ ᠶᠢ ᠦᠨᠡᠨᠬᠦ ᠪᠠᠳᠤᠯᠠᠨ᠎ᠠ᠃ | | ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠭᠠᠯ ᠤᠨ ᠠᠶᠤᠯ ᠤᠨ ᠳᠠᠯᠳᠠ ᠭᠡᠮ | ᠢ ᠠᠷᠢᠯᠭᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠩᠭᠢ ᠳᠠᠭᠠᠭᠤᠯᠤᠭᠰᠠᠨ ᠬᠠᠮᠢᠶ᠎ᠠ ᠪᠥᠬᠦᠶ | ᠥᠷᠲᠡᠭᠡ ᠠᠯᠪᠠᠨ ᠭᠡᠷ ᠤᠨ ᠠᠵᠢᠯᠲᠠᠨ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠣᠷᠣᠨ ᠪᠠᠶᠢᠷᠢ ᠳᠤ ᠪᠦᠬᠦᠯᠢ ᠡᠳᠦᠷ ᠤᠨ ᠲᠣᠭᠤᠷᠢᠨ | ᠪᠠᠶᠢᠴᠠᠭᠠᠯᠲᠠ ᠬᠢᠨ᠎ᠠ᠃ ᠣᠶ ᠰᠢᠭᠤᠶ ᠬᠠᠮᠠᠭᠠᠯᠠᠭᠴᠢ ᠲᠠᠷᠢᠶᠠᠨ ᠭᠠᠵᠠᠷ᠂ ᠰᠢᠭᠤᠶᠢᠲᠤ ᠣᠷᠣᠨ᠂ ᠬᠠᠳᠤᠯᠠᠩ | ᠪᠡᠯᠴᠢᠭᠡᠷ ᠵᠡᠷᠭᠡ ᠭᠠᠵᠠᠷ ᠣᠷᠣᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠬᠡᠭᠡᠷ᠎ᠡ ᠭᠠᠳᠠᠨ᠎ᠠ ᠭᠠᠯ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠤᠤᠷᠵᠢᠯ ᠤᠨᠬᠠᠮᠢᠶᠠᠷᠤᠯᠲᠠ ᠶᠢᠨ ᠠᠵᠢᠯᠲᠠᠨ ᠲᠣᠰᠬᠤᠨ ᠤ ᠳᠣᠲᠣᠷᠠᠬᠢ | ᠬᠠᠭᠤᠴᠢᠨ ᠭᠡᠷ ᠪᠠᠶᠢᠰᠢᠩ᠂ ᠴᠠᠬᠢᠯᠭᠠᠨ ᠤᠲᠠᠰᠤᠨ ᠬᠡᠯᠬᠢᠶ᠎ᠡ᠂ ᠡᠪᠡᠰᠦ ᠲᠦᠯᠡᠭᠡ ᠣᠪᠣᠭᠠᠯᠠᠬᠤ ᠴᠢᠭ ᠵᠡᠷᠭᠡ ᠳᠤ | ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠠᠢ᠃ | ᠡᠭᠦᠨ ᠤ ᠬᠠᠮᠲᠤ᠂ ᠬᠤᠳᠠᠯᠳᠤᠭ᠎ᠠ ᠳᠡᠯᠭᠡᠭᠦᠷ᠂ ᠲᠠᠷᠢᠶᠠᠴᠢᠨ ᠡᠷᠦᠬᠡ ᠶᠢ ᠰᠢᠮᠳᠠᠭᠤᠯᠤᠨ ᠭᠠᠯ ᠰᠡᠷᠭᠡᠶᠢᠯᠡᠬᠦ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠯᠡᠳᠪᠦᠷᠢᠯᠡᠯ ᠠᠮᠢᠳᠤᠷᠠᠯ ᠤᠨ ᠭᠠᠯ ᠬᠡᠷᠡᠭᠯᠡᠬᠦ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | | ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠪᠤᠤ ᠱᠢ ᠪᠠᠯᠭᠠᠰᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠢᠶᠠᠨ ᠲᠣᠳᠣᠷᠬᠠᠶᠢᠯᠠᠵᠤ᠂ ᠭᠠᠯ ᠤᠨ ᠪᠠᠶᠢᠳᠠᠯ ᠭᠠᠷᠤᠮᠠᠭᠴᠠ ᠪᠤᠰᠢᠭᠤ ᠲᠦᠷᠭᠡᠨ ᠳᠠᠭᠠᠵᠤ ᠬᠢᠬᠦ ᠶᠢ ᠦᠨᠡᠨᠬᠦ | ᠪᠠᠳᠤᠯᠠᠨ᠎ᠠ᠃ ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ | ᠨᠥᠭᠡᠴᠡ ᠪᠠᠨ ᠴᠢᠩᠭᠠᠳᠬᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠠᠪᠤᠷᠠᠨ ᠲᠤᠰᠠᠯᠠᠬᠤ ᠲᠥᠬᠦᠭᠡᠷᠦᠮᠵᠢ ᠶᠢ | ᠭᠦᠶᠴᠡᠳ ᠬᠡᠷᠡᠭᠯᠡᠵᠦ ᠪᠣᠯᠬᠤ ᠶᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠪᠤᠤ ᠱᠢ ᠪᠠᠯᠭᠠᠰᠤ ᠦᠷᠭᠦᠯᠵᠢᠯᠡᠨ ᠥᠨᠳᠥᠷ ᠳᠠᠷᠤᠯᠲᠠᠲᠤ ᠪᠠᠶᠢᠳᠠᠯ ᠢᠶᠠᠨ | ᠪᠠᠲᠤᠯᠠᠵᠤ᠂ ᠭᠤᠤᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠭᠠᠯ | ᠰᠡᠷᠭᠡᠶᠢᠯᠡᠬᠦ ᠤᠬᠠᠭᠤᠯᠭ᠎ᠠ ᠪᠠ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠵᠤ᠂ ᠪᠥᠬᠦ | ᠪᠠᠯᠭᠠᠰᠤᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ |