ᠬᠥᠳᠡᠭᠡ ᠲᠤᠰᠬᠤᠨ ᠳᠤ ᠣᠴᠢᠵᠤ ᠭᠡᠷ ᠪᠠᠶᠢᠰᠢᠩ ᠬᠤᠳᠠᠯᠳᠤᠨ ᠠᠪᠬᠤ ᠪᠤᠶᠤ ᠭᠡᠷ ᠪᠠᠶᠢᠰᠢᠩ ᠪᠠᠷᠢᠵᠤ ᠪᠤᠯᠤᠨ᠎ᠠ ᠤᠤ︖ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ  ᠬᠤᠶᠠᠷ ︽ᠵᠥᠪᠰᠢᠶᠡᠷᠡᠬᠦ ᠦᠭᠡᠢ︾ ᠶᠢ ᠳᠤᠷᠠᠳᠴᠠᠢ
ᠨᠡᠶᠢᠲᠡᠯᠡᠭᠰᠡᠨ ᠴᠠᠭ᠄
2025/2/28
   ᠣᠶᠢᠷ᠎ᠠ ᠳᠤ ᠨᠡᠶᠢᠲᠡᠯᠡᠭᠰᠡᠨ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠬᠥᠳᠡᠭᠡ ᠲᠣᠰᠬᠤᠨ ᠠᠴᠠ ᠲᠠᠷᠢᠶᠠᠴᠢᠨ ᠤ ᠬᠡᠷ ᠪᠠᠶᠢᠰᠢᠩ᠂ ᠣᠷᠣᠨ ᠰᠠᠭᠤᠴᠠ ᠶᠢᠨ ᠭᠠᠵᠠᠷ ᠢ ᠬᠤᠳᠠᠯᠳᠤᠨ ᠠᠪᠬᠤ ᠶᠢ ᠵᠥᠪᠰᠢᠶᠡᠷᠡᠬᠦ ᠥᠬᠡᠶ᠂ ᠠᠵᠢᠯ ᠠᠴᠠ ᠪᠠᠨ ᠠᠮᠠᠷᠠᠭᠰᠠᠨ ᠺᠠᠳ᠋ᠷ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ ᠬᠡᠷ ᠪᠠᠶᠢᠰᠢᠩ ᠪᠠᠷᠢᠬᠤ ᠶᠢ ᠵᠥᠪᠰᠢᠶᠡᠷᠡᠬᠦ ᠥᠬᠡᠶ ᠭᠡᠵᠦ ᠴᠢᠬᠤᠯᠠᠴᠢᠯᠠᠪᠠ᠃    ᠶᠠᠭᠤᠨ ᠳᠤ ᠡᠨᠡ ᠤᠯᠠᠭᠠᠨ ᠱᠤᠭᠤᠮ ᠪᠣᠯᠤᠨ ᠬᠤᠷᠢᠭᠠᠲᠤ ᠣᠷᠣᠨ ᠢ ᠲᠣᠭᠲᠠᠭᠠᠬᠰᠠᠨ ᠪᠤᠢ︖ ᠡᠭᠦᠨ ᠤ ᠠᠷᠤ ᠳᠤ ᠶᠠᠮᠠᠷ ᠭᠦᠨ ᠤᠳᠬ᠎ᠠ ᠠᠭᠤᠯᠭ᠎ᠠ ᠪᠠᠶᠢᠬᠤ ᠪᠣᠶ︖    ᠲᠤᠰᠬᠠᠢ ᠮᠡᠷᠭᠡᠵᠢᠯᠲᠡᠨ ᠤ ᠵᠠᠳᠠᠷᠠᠭᠤᠯᠤᠭᠰᠠᠨ ᠢᠶᠠᠷ᠂ ᠡᠳᠡᠭᠡᠷ ᠵᠢᠯ ᠳᠤ ᠲᠠᠷᠢᠶᠠᠴᠢᠨ ᠤ ᠭᠡᠷ ᠪᠠᠶᠢᠰᠢᠩ ᠪᠠ ᠣᠷᠣᠨ ᠰᠠᠭᠤᠴᠠ ᠶᠢᠨ ᠭᠠᠵᠠᠷ ᠢ ᠬᠤᠳᠠ ᠬᠥᠳᠡᠭᠡ ᠶᠢᠨ ᠬᠤᠭᠤᠷᠣᠨᠳᠣ ᠳᠠᠯᠳᠠᠭᠤᠷ ᠬᠤᠳᠠᠯᠳᠤᠭᠠᠯᠠᠬᠤ ᠦᠵᠡᠭᠳᠡᠯ ᠦᠨᠡᠬᠡᠷ ᠣᠷᠣᠰᠢᠬᠰᠠᠭᠠᠷ ᠢᠷᠡᠪᠡ᠂ ᠵᠢᠱᠢᠶᠡᠯᠡᠪᠡᠯ ᠵᠠᠷᠢᠮ ᠬᠤᠳᠠ ᠪᠠᠯᠭᠠᠰᠤᠨ ᠤ ᠬᠥᠮᠦᠰ ᠬᠥᠳᠡᠭᠡ ᠲᠣᠰᠬᠤᠨ ᠤ ᠰᠠᠭᠤᠭᠠᠯᠢ ᠠᠷᠠᠳ ᠲᠠᠢ ᠳᠠᠯᠳᠠᠭᠤᠷ ᠬᠡᠯᠡᠯᠴᠡᠭᠡᠷ ᠲᠣᠭᠲᠠᠭᠠᠵᠤ᠂ ᠳᠤᠷ᠎ᠠ ᠪᠠᠷ ᠢᠶᠠᠨ ᠣᠷᠣᠨ ᠰᠠᠭᠤᠴᠠ ᠶᠢᠨ ᠭᠠᠵᠠᠷ ᠪᠠ ᠭᠡᠷ ᠪᠠᠶᠢᠰᠢᠩ ᠢ ᠰᠢᠯᠵᠢᠭᠦᠯᠦᠨ ᠥᠭᠬᠦ ᠪᠠ ᠬᠤᠳᠠᠯᠳᠤᠭᠠᠯᠠᠬᠤ ᠠᠵᠢᠯᠯᠠᠭ᠎ᠠ ᠬᠢᠵᠦ ᠪᠠᠶᠢᠨ᠎ᠠ᠃ ᠪᠠᠰᠠ ᠵᠠᠷᠢᠮ ᠭᠠᠵᠠᠷ ᠣᠷᠣᠨ ᠨᠢ ᠴᠢᠳᠠᠪᠤᠷᠢᠲᠠᠨ ᠢ ᠬᠥᠳᠡᠭᠡ ᠪᠠᠭᠤᠯᠭᠠᠬᠤ ᠪᠠ ᠣᠷᠣᠨ ᠰᠠᠭᠤᠴᠠ ᠶᠢᠨ ᠭᠠᠵᠠᠷ ᠢ ᠬᠠᠮᠢᠶᠠᠷᠬᠤ ᠪᠠ ᠠᠰᠢᠭᠯᠠᠬᠤ ᠶᠢᠨ ᠬᠠᠷᠢᠴᠠᠭ᠎ᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ ᠴᠢᠳᠠᠬᠤ ᠦᠭᠡᠢ ᠪᠠᠶᠢᠬᠤ ᠪᠦᠭᠡᠳ ᠠᠵᠢᠯ ᠠᠴᠠ ᠪᠠᠨ ᠠᠮᠠᠷᠠᠬᠰᠠᠨ ᠺᠠᠳ᠋ᠷ ᠪᠤᠶᠤ ᠨᠤᠲᠤᠭ ᠲᠠᠭᠠᠨ ᠪᠤᠴᠠᠵᠤ ᠠᠳᠠᠯ ᠦᠢᠯᠡᠰ ᠪᠤᠰᠬᠠᠬᠤ ᠬᠥᠮᠦᠰ ᠢ ᠰᠠᠭᠤᠷᠢᠰᠢᠭᠤᠯᠬᠤ ᠶᠢᠨ ᠲᠥᠯᠥᠭᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠲᠡᠳᠡᠨ ᠳᠤ ᠬᠠᠮᠲᠤ ᠶᠢᠨ ᠪᠦᠷᠢᠯᠳᠦᠬᠦᠨ ᠤ ᠪᠡᠶ᠎ᠡ ᠬᠡᠮ ᠪᠤᠶᠤ ᠣᠨᠴᠠᠭᠠᠢ ᠬᠢᠷᠢ ᠬᠡᠮ ᠤᠨ ᠡᠷᠬᠡ ᠣᠯᠭᠤᠵᠤ᠂ ᠭᠠᠴᠠᠭᠠᠨ ᠤ ᠠᠷᠠᠳ ᠲᠠᠢ ᠠᠳᠠᠯᠢᠬᠠᠨ ᠭᠠᠵᠠᠷ ᠰᠢᠷᠣᠢ ᠦᠭᠴᠦ ᠭᠡᠷ ᠪᠠᠶᠢᠰᠢᠩ ᠪᠠᠷᠢᠬᠤ ᠡᠷᠬᠡ ᠡᠳ᠋ᠯᠡᠬᠦᠯᠵᠦ ᠪᠠᠶᠢᠨ᠎ᠠ᠃    ︽ᠣᠷᠣᠨ ᠰᠠᠭᠤᠴᠠ ᠶᠢᠨ ᠭᠠᠵᠠᠷ ᠪᠣᠯ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠣᠷᠣᠰᠢᠨ ᠰᠠᠭᠤᠬᠤ ᠦᠨᠳᠦᠰᠦᠨ ᠪᠠᠲᠤᠯᠠᠭ᠎ᠠ ᠮᠥᠨ᠃ ᠦᠨᠡᠨ ᠳᠡᠭᠡᠨ ᠬᠤᠲᠠ ᠪᠠᠯᠭᠠᠰᠤᠨ ᠤ ᠰᠠᠭᠤᠭᠠᠯᠢ ᠠᠷᠠᠳ᠂ ᠠᠵᠢᠯ ᠠᠴᠠ ᠪᠠᠨ ᠠᠮᠠᠷᠠᠬᠰᠠᠨ ᠺᠠᠳ᠋ᠷᠴᠤᠳ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ ᠭᠡᠷ ᠪᠠᠶᠢᠰᠢᠩ ᠪᠠᠷᠢᠬᠤ ᠶᠢ ᠬᠠᠤᠯᠢ ᠴᠠᠭᠠᠵᠠ ᠬᠠᠤᠯᠢ ᠲᠣᠭᠲᠠᠭᠠᠯ ᠳᠤ ᠦᠨᠡᠨ ᠳᠡᠭᠡᠨ ᠵᠥᠪᠰᠢᠶᠡᠷᠡᠬᠦ ᠦᠭᠡᠶ ᠶᠤᠮ︾ ᠭᠡᠵᠦ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠠᠵᠤ ᠠᠬᠤᠶ ᠶᠢᠨ ᠰᠤᠳᠤᠯᠭᠠᠨ ᠤ ᠲᠥᠪ ᠤᠨ ᠲᠠᠷᠢᠶᠠᠨ ᠭᠠᠵᠠᠷ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠡᠷᠬᠢᠯᠡᠭᠴᠢ ᠯᠢᠦ ᠵᠢᠶᠦ᠋ᠨ ᠵᠢᠶᠧ ᠭᠡᠯᠡᠭᠰᠡᠨ ᠢᠶᠠᠨ ᠵᠠᠯᠭᠠᠭᠠᠳ᠂ ᠦᠨᠳᠦᠰᠦᠨ ᠬᠠᠤᠯᠢ ᠳᠤ ᠬᠥᠳᠡᠭᠡ ᠲᠣᠰᠬᠤᠨ ᠪᠠ ᠬᠤᠲᠠ ᠶᠢᠨ ᠲᠡᠭᠦᠷᠭᠡ ᠶᠢᠨ ᠭᠠᠵᠠᠷ ᠰᠢᠷᠣᠶ ᠶᠢᠨ ᠲᠤᠬᠠᠢ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ ᠲᠣᠭᠲᠠᠭᠠᠭᠰᠠᠨ ᠠᠴᠠ ᠪᠤᠰᠤᠳ ᠨᠢ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ︔ ᠣᠷᠣᠨ ᠰᠠᠭᠤᠴᠠ ᠶᠢᠨ ᠭᠠᠵᠠᠷ ᠪᠠ ᠬᠤᠪᠢᠨ ᠳᠠᠭᠠᠨ ᠦᠯᠡᠳᠡᠭᠡᠭᠰᠡᠨ ᠲᠠᠷᠢᠶ᠎ᠠ᠂ ᠬᠤᠪᠢᠨ ᠳᠠᠭᠠᠨ ᠦᠯᠡᠳᠡᠭᠡᠭᠰᠡᠨ ᠠᠭᠤᠯᠠ ᠴᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠬᠳᠠᠭᠠᠪᠠ᠂ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠳᠤ ᠴᠤ ᠡᠭᠦᠨ ᠤ ᠲᠤᠬᠠᠢ ᠲᠣᠳᠣᠷᠬᠠᠢ ᠲᠣᠭᠲᠠᠭᠠᠵᠠᠢ᠃ ᠡᠨᠡ ᠨᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠣᠯᠬᠤ ᠨᠥᠬᠦᠴᠡᠯ ᠨᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠬᠢᠷᠢ ᠬᠡᠮ ᠲᠠᠢ ᠬᠤᠯᠪᠣᠭᠳᠠᠬᠤ ᠶᠢ ᠬᠠᠷᠠᠭᠤᠯᠵᠤ ᠪᠠᠶᠢᠨ᠎ᠠ᠂ ᠭᠠᠭᠴᠠ ᠬᠦ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠰᠠᠶ᠋ᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠡᠳ᠋ᠯᠡᠵᠦ ᠪᠣᠯᠤᠨ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠢᠰᠢ ᠪᠣᠯ ᠣᠷᠣᠨ ᠰᠠᠭᠤᠴᠠ ᠶᠢᠨ ᠭᠠᠵᠠᠷ ᠬᠡᠷᠡᠭᠯᠡᠬᠦ ᠡᠷᠬᠡ ᠶᠢ ᠡᠳ᠋ᠯᠡᠵᠦ ᠪᠣᠯᠬᠤ ᠦᠭᠡᠢ᠃ ᠲᠡᠷᠡᠴᠢᠯᠡᠨ ᠬᠤᠳᠠ ᠪᠠᠯᠭᠠᠰᠤᠨ ᠤ ᠰᠠᠭᠤᠭᠠᠯᠢ ᠠᠷᠠᠳ᠂ ᠠᠵᠢᠯ ᠠᠴᠠ ᠪᠠᠨ ᠠᠮᠠᠷᠠᠬᠰᠠᠨ ᠺᠠᠳ᠋ᠷ ᠵᠡᠷᠭᠡ ᠨᠢ ᠴᠥᠮ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠬᠢᠷᠢ ᠬᠡᠮ ᠦᠭᠡᠢ ᠪᠣᠯᠬᠤᠷ ᠬᠥᠳᠡᠭᠡ ᠲᠣᠰᠬᠤᠨ ᠳᠤ ᠣᠴᠢᠵᠤ ᠣᠷᠣᠨ ᠰᠠᠭᠤᠴᠠ ᠶᠢᠨ ᠭᠠᠵᠠᠷ ᠠᠪᠬᠤ ᠪᠠᠷ ᠭᠤᠶᠤᠴᠢᠯᠠᠵᠤ ᠪᠣᠯᠬᠤ ᠦᠭᠡᠢ ᠭᠡᠵᠦ ᠬᠡᠯᠡᠪᠡ᠃    ᠶᠠᠭᠤᠨ ᠳᠤ ᠬᠤᠳᠠ ᠪᠠᠯᠭᠠᠰᠤᠨ ᠤ ᠰᠠᠭᠤᠭᠠᠯᠢ ᠠᠷᠠᠳ᠂ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ ᠭᠡᠷ ᠪᠠᠶᠢᠰᠢᠩ ᠬᠤᠳᠠᠯᠳᠤᠨ ᠠᠪᠬᠤ ᠶᠢ ᠵᠥᠪᠰᠢᠶᠡᠷᠡᠬᠦ ᠦᠭᠡᠢ ᠪᠤᠢ︖ ᠯᠢᠦ ᠵᠢᠶᠦ᠋ᠨ ᠵᠢᠶᠧ ᠬᠡᠯᠡᠬᠦ ᠳᠡᠭᠡᠨ᠂ ᠭᠠᠵᠠᠷ ᠰᠢᠷᠣᠶ ᠪᠣᠯ ᠲᠠᠷᠢᠶᠠᠴᠢᠳ ᠤᠨ ᠠᠮᠢ ᠭᠤᠤᠯ ᠮᠥᠨ᠂ ᠣᠷᠣᠨ ᠰᠠᠭᠤᠴᠠ ᠶᠢᠨ ᠭᠠᠵᠠᠷ ᠪᠣᠯ ᠲᠠᠷᠢᠶᠠᠴᠢᠳ ᠤᠨ ᠣᠷᠣᠰᠢᠨ ᠲᠣᠭᠲᠠᠨᠢᠬᠤ ᠶᠢᠨ ᠦᠨᠳᠦᠰᠦ ᠪᠠ ︽ᠡᠴᠦᠰ ᠤᠨ ᠪᠠᠲᠤᠯᠠᠭ᠎ᠠ ᠶᠢᠨ ᠱᠤᠭᠤᠮ︾ ᠮᠥᠨ᠃ ᠬᠡᠷᠪᠡ ᠴᠢᠯᠥᠭᠡᠲᠡᠶ ᠪᠠᠷ ᠠᠷᠠᠯᠵᠢᠶᠠᠯᠠᠬᠤ ᠶᠢ ᠵᠥᠪᠰᠢᠶᠡᠷᠡᠬᠦ ᠳᠤ ᠬᠦᠷᠪᠡᠯ᠂ ᠨᠡᠶᠢᠭᠡᠮ ᠤᠨ ᠪᠡᠶᠡᠴᠢ ᠴᠣᠭᠴᠠ ᠬᠥᠳᠡᠭᠡ ᠪᠠᠭᠤᠬᠤ ᠶᠢᠨ ᠤᠯᠠᠮ ᠢᠶᠠᠷ ᠵᠠᠷᠢᠮ ᠲᠠᠷᠢᠶᠠᠴᠢᠳ ᠣᠬᠤᠷ ᠬᠤᠭᠤᠴᠠᠭᠠᠨ ᠤ ᠠᠰᠢᠭ ᠲᠤᠰᠠ ᠶᠢᠨ ᠥᠳᠥᠭᠡᠯᠭᠡ ᠳᠤᠤᠷ᠎ᠠ ᠭᠠᠵᠠᠷ ᠰᠢᠷᠣᠶ ᠪᠠᠨ ᠠᠯᠳᠠᠵᠤ ᠮᠡᠳᠡᠬᠦ ᠪᠥᠭᠡᠳ ᠢᠷᠡᠭᠡᠳᠦᠶ ᠶᠢᠨ ᠠᠮᠢᠳᠤᠷᠠᠯ ᠤᠨ ᠪᠠᠲᠤᠯᠠᠭ᠎ᠠ ᠨᠢ ᠯᠤᠲᠤ ᠶᠡᠭᠡ ᠠᠶᠤᠯ ᠲᠦᠭᠰᠢᠭᠦᠷᠢ ᠳᠤ ᠲᠤᠯᠭᠠᠷᠠᠬᠤ ᠪᠣᠯᠤᠨ᠎ᠠ ᠬᠡᠪᠡ ᠃ ᠲᠡᠷᠡ ᠪᠠᠰᠠ ︽ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠳᠡᠭᠡ ᠲᠣᠰᠬᠤᠨ ᠳᠤ ᠤᠴᠢᠵᠦ ᠰᠠᠭᠤᠬᠤ ᠭᠡᠷ ᠪᠠᠶᠢᠰᠢᠩ ᠪᠠ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ ᠴᠠᠭᠠᠵᠠᠯᠠᠨ᠎ᠠ ᠭᠡᠳᠡᠭ ᠨᠢ ᠳᠠᠷᠤᠶ ᠲᠠᠷᠢᠶᠠᠴᠢᠳ ᠤᠨ ᠡᠷᠬᠡ ᠠᠰᠢᠭ ᠲᠤ ︿ᠠᠮᠤᠷ ᠲᠦᠪᠰᠢᠨ ᠤ ᠪᠠᠳᠤᠯᠠᠭ᠎ᠠ ᠶᠢᠨ ᠨᠡᠭᠡᠯᠡᠬᠡᠶ﹀ ᠨᠡᠮᠡᠵᠦ᠂ ᠲᠡᠳᠡᠨ ᠤ ᠣᠳᠣᠬᠢᠴᠢᠯᠠᠯᠲᠠ ᠶᠢᠨ ᠠᠬᠢᠴᠠ ᠳᠤᠮᠳᠠ ᠣᠷᠣᠰᠢᠨ ᠲᠣᠭᠲᠠᠨᠢᠬᠤ ᠦᠨᠳᠦᠰᠦ ᠪᠠᠨ ᠠᠯᠳᠠᠬᠤ ᠥᠬᠡᠶ ᠪᠠᠶᠢᠬᠤ ᠶᠢ ᠪᠠᠲᠤᠯᠠᠬᠤ ᠶᠠᠪᠤᠳᠠᠯ ᠪᠣᠯᠤᠨ᠎ᠠ︾ ᠭᠡᠵᠦ ᠬᠡᠯᠡᠪᠡ᠃    ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠰᠠ ᠲᠠᠷᠢᠶᠠᠴᠢᠨ ᠡᠷᠦᠬᠡ ᠶᠢᠨ ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠢᠭᠯᠠᠵᠤ ᠪᠣᠯᠬᠤ ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠬᠠᠶᠢᠨ ᠰᠦᠪᠡᠭᠴᠢᠯᠡᠨ᠎ᠡ ᠭᠡᠵᠦ ᠲᠤᠷᠠᠳᠪᠠ᠃ ︽ᠬᠥᠳᠡᠭᠡ ᠲᠣᠰᠬᠤᠨ ᠤ ᠰᠤᠯᠠ ᠲᠠᠯᠪᠢᠵᠤ ᠪᠠᠶᠢᠭ᠎ᠠ ᠬᠡᠷ ᠪᠠᠶᠢᠰᠢᠩ ᠢ ᠲᠣᠭᠲᠠᠭᠠᠯ ᠳᠤ ᠨᠡᠶᠢᠴᠡᠭᠦᠯᠦᠨ ᠠᠮᠢᠳᠤᠯᠢᠭ ᠠᠰᠢᠭᠯᠠᠬᠤ ᠪᠠᠷ ᠳᠠᠮᠵᠢᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠰᠠᠶᠢᠨ ᠳᠤᠷ᠎ᠠ ᠠᠴᠠ ᠪᠠᠨ ᠬᠠᠶᠢᠷ᠎ᠠ ᠰᠡᠳᠬᠢᠯᠭᠡ ᠠᠴᠠ ᠡᠭᠦᠰᠴᠤ ᠤᠷᠤᠯᠴᠠᠬᠤ ᠨᠤᠲᠤᠭ ᠲᠠᠭᠠᠨ ᠪᠤᠴᠠᠭᠰᠠᠳ ᠤᠨ ᠣᠷᠣᠰᠢᠨ ᠰᠠᠭᠤᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ ᠪᠣᠯᠤᠨ᠎ᠠ︾ ᠭᠡᠵᠦ ᠸᠧᠶ ᠸᠠᠨ ᠴᠢᠩ ᠬᠡᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号