ᠰᠠᠷ᠎ᠠ ᠶᠢᠨ ᠴᠠᠯᠢᠩ 8 ᠲᠦᠮᠡᠨ ᠲᠥᠭᠦᠷᠢᠭ ᠬᠦᠷᠦᠨ᠎ᠡ︕ ᠣᠯᠠᠨ ᠠᠵᠤ ᠠᠬᠤᠢᠯᠠᠯ ᠬᠥᠮᠦᠨ ᠡᠯᠰᠡᠵᠦ ᠪᠠᠶᠢᠨ᠎ᠠ︕  ᠵᠠᠭᠤᠨ ᠲᠦᠮᠡᠨ ᠳ᠋ᠦᠩᠰᠢᠭᠤᠷ‌‍ᠲ᠋ᠥ᠋ᠭᠦᠷᠢᠭ ᠤᠨ ᠶᠡᠭᠡ ︽ᠲᠣᠬᠢᠶᠠᠯ︾ ᠬᠦᠷᠴᠦ ᠢᠷᠡᠯ᠎ᠡ︕
ᠨᠡᠶᠢᠲᠡᠯᠡᠭᠰᠡᠨ ᠴᠠᠭ᠄
2025/2/28
   ᠡᠨᠡ ᠵᠢᠯ ᠠᠴᠠ ᠨᠠᠭᠠᠰᠢ ᠤᠯᠤᠰ ᠲᠠᠭᠠᠨ ᠦᠢᠯᠡᠳᠪᠦᠷᠢᠯᠡᠭᠰᠡᠨ ᠬᠥᠮᠦᠨ ᠲᠦᠷᠰᠦᠳᠦ ᠮᠠᠰᠢᠨ ᠬᠥᠮᠦᠨ ᠤ ᠬᠥᠳᠡᠯᠭᠡᠭᠡᠨ ᠤ ᠴᠢᠳᠠᠪᠤᠷᠢ ᠪᠣᠯᠤᠨ ᠪᠡᠶ᠎ᠡ ᠶᠢᠨ ᠤᠶᠤᠨ ᠴᠢᠳᠠᠪᠤᠷᠢ ᠵᠡᠷᠭᠡ ᠲᠠᠯ᠎ᠠ ᠪᠠᠷ ᠬᠢ ᠴᠢᠳᠠᠪᠤᠷᠢ ᠨᠢ ᠲᠠᠰᠤᠷᠠᠯᠳᠠ ᠦᠭᠡᠢ ᠳᠡᠭᠡᠭᠰᠢᠯᠡᠪᠡ᠃ ᠬᠥᠮᠦᠨ ᠲᠦᠷᠰᠦᠳᠦ ᠮᠠᠰᠢᠨ ᠬᠥᠮᠦᠨ ᠤ ᠠᠵᠤ ᠤᠶᠢᠯᠡᠰ ᠲᠦᠷᠭᠡᠨ ᠬᠥᠭᠵᠢᠬᠦ ᠶᠢ ᠳᠠᠭᠠᠯᠳᠤᠨ᠂ ᠬᠠᠮᠢᠶ᠎ᠠ ᠪᠥᠬᠦᠶ ᠴᠢᠳᠠᠪᠤᠷᠢᠲᠠᠨ ᠤ ᠬᠡᠷᠡᠭᠴᠡᠭᠡ ᠴᠦ ᠶᠡᠭᠡ ᠪᠠᠷ ᠨᠡᠮᠡᠭᠳᠡᠪᠡ᠃ ᠣᠶᠢᠷ᠎ᠠ ᠳᠤ᠂ ᠴᠥᠭᠡᠨ ᠪᠤᠰᠤ ᠬᠥᠮᠦᠨ ᠲᠦᠷᠰᠦᠳᠦ ᠮᠠᠰᠢᠨ ᠬᠥᠮᠦᠨ ᠤ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠥᠨᠳᠥᠷ ᠴᠠᠯᠢᠩ ᠢᠶᠠᠷ ︽ᠡᠷᠳᠡᠮᠲᠡᠨ ᠡᠯᠰᠡᠬᠦ ᠰᠠᠮᠪᠠᠷ᠎ᠠ︾ ᠭᠠᠷᠭᠠᠵᠤ ᠪᠠᠶᠢᠨ᠎ᠠ᠃    ᠪᠡᠭᠡᠵᠢᠩ ᠤᠨ ᠬᠠᠢ ᠳ᠋ᠢᠶᠠᠨ ᠤ ᠨᠢᠭᠡᠨ ᠮᠠᠰᠢᠨ ᠬᠥᠮᠦᠨ ᠤ ᠺᠣᠮᠫᠠᠨᠢ ᠳᠤ ᠡᠳᠦᠷ ᠪᠦᠷᠢ ᠬᠡᠳᠦᠨ ᠲᠠᠯᠠᠪᠤᠷ ᠣᠨᠴᠠᠭᠠᠢ ᠬᠥᠯ ᠪᠥᠮᠪᠦᠭᠡ ᠶᠢᠨ ᠤᠷᠤᠯᠳᠤᠭᠠᠨ ᠶᠠᠪᠤᠬᠳᠠᠵᠤ ᠪᠤᠢ᠃ ᠪᠡᠶ᠎ᠡ ᠶᠢᠨ ᠥᠨᠳᠥᠷ ᠨᠢ 1.2 ᠮᠧᠲᠷ᠂ ᠪᠡᠶ᠎ᠡ ᠶᠢᠨ ᠬᠦᠨᠳᠦ ᠨᠢ 30 ᠺᠢᠯᠣᠭ᠍ᠷᠠᠮ ᠣᠷᠴᠢᠮ ᠤᠨ 4 ᠬᠥᠮᠦᠨ ᠳᠦᠷᠰᠦᠲᠦ ᠮᠠᠰᠢᠨ ᠬᠥᠮᠦᠨ ᠢ ᠬᠤᠶᠠᠷ ᠲᠤᠭᠤᠶᠢᠯᠠᠩ ᠬᠤᠪᠢᠶᠠᠵᠤ᠂ ᠲᠡᠳᠡᠨ ᠢ ᠰᠤᠳᠤᠯᠤᠨ ᠨᠡᠭᠡᠭᠡᠬᠦ ᠠᠵᠢᠯᠲᠠᠨ ᠪᠠ ᠵᠣᠬᠢᠶᠠᠮᠠᠯ ᠣᠶᠤᠨ ᠴᠢᠳᠠᠪᠤᠷᠢ ᠶᠢᠨ ᠤᠶᠠᠯᠳᠤᠯ ᠤᠨ ᠦᠶᠯᠡᠳᠦᠯ ᠳᠤᠤᠷ᠎ᠠ ᠬᠤᠷᠴᠠ ᠰᠢᠷᠦᠭᠦᠨ ᠲᠡᠮᠡᠴᠡᠯᠳᠦᠵᠦ ᠪᠠᠶᠢᠨ᠎ᠠ᠃    ᠪᠡᠭᠡᠵᠢᠩ ᠬᠤᠲᠠ ᠶᠢᠨ ᠬᠤᠪᠢᠰᠤᠯ ᠢ ᠲᠦᠷᠭᠡᠳᠬᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ ᠪᠥᠭᠡᠳ ᠲᠡᠷᠢᠭᠦᠨ ᠭᠦᠢᠴᠡᠳᠬᠡᠭᠴᠢ ᠲᠤᠰᠢᠶᠠᠯᠲᠠᠨ ᠴᠧᠩ ᠬᠤᠤ᠄ ᠪᠦᠬᠦᠶᠢᠯᠡ ᠮᠠᠰᠢᠨ ᠬᠥᠮᠦᠨ ᠳᠤ ᠬᠦᠮᠦᠨ ᠤ ᠳᠦᠷᠢ ᠶᠢᠨ ᠴᠢᠭᠯᠡᠯ ᠤᠨ ᠴᠢᠳᠠᠪᠤᠷᠢᠲᠠᠨ ᠮᠠᠰᠢ ᠶᠡᠭᠡ ᠲᠤᠳᠠᠬᠳᠠᠵᠤ ᠪᠠᠶᠢᠨ᠎ᠠ᠂ ᠵᠢᠱᠢᠶᠡᠯᠡᠪᠡᠯ ᠮᠧᠬᠠᠨᠢᠭ᠂ ᠴᠠᠬᠢᠯᠭᠠᠨ᠂ ᠬᠥᠳᠡᠯᠭᠡᠭᠡᠨ ᠤ ᠡᠵᠡᠮᠳᠡᠯ᠂ ᠮᠡᠳᠡᠷᠡᠭᠦᠢ ᠶᠢᠨ ᠰᠢᠢᠳᠪᠦᠷᠢᠲᠦ ᠪᠣᠳᠣᠯᠭ᠎ᠠ ᠶᠢᠨ ᠬᠠᠮᠢᠶ᠎ᠠ ᠪᠥᠬᠦᠶ ᠴᠢᠳᠠᠪᠤᠷᠢᠲᠠᠨ ᠴᠥᠮ ᠬᠡᠷᠡᠭᠴᠡᠭᠡ ᠲᠠᠢ ᠭᠡᠵᠦ ᠬᠡᠯᠡᠪᠡ᠃    ᠰᠤᠷᠪᠤᠯᠵᠢᠯᠠᠭᠴᠢ ᠶᠢᠨ ᠠᠩᠬᠠᠷᠤᠭᠰᠠᠨ ᠢᠶᠠᠷ᠂ ᠢᠦᠶ ᠱᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠢᠷᠭᠤᠯᠵᠢ ᠶᠢᠨ ᠪᠦᠯᠦᠭᠯᠡᠯ ᠵᠡᠷᠭᠡ ᠣᠯᠠᠨ ᠠᠵᠤ ᠠᠬᠤᠶᠢᠯᠠᠯ ᠴᠥᠮ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠪᠠ ᠂ ᠠᠵᠢᠯ ᠤᠨ ᠪᠠᠶᠢᠷᠢ ᠨᠢ ᠬᠥᠮᠦᠨ ᠲᠦᠷᠰᠦᠳᠦ ᠮᠠᠰᠢᠨ ᠬᠥᠮᠦᠨ ᠤ ᠬᠠᠲᠠᠭᠤ ᠲᠣᠨᠤᠭ ᠤᠨ ᠪᠦᠲᠦᠴᠡ ᠶᠢᠨ ᠢᠨᠵᠧᠨᠧᠷ ᠵᠢᠴᠢ ᠡᠯ᠎ᠡ ᠲᠥᠷᠥᠯ ᠤᠨ ᠪᠤᠳᠤᠬᠤ ᠠᠷᠭ᠎ᠠ ᠶᠢᠨ ᠢᠨᠵᠧᠨᠧᠷ ᠲᠠᠢ ᠬᠤᠯᠪᠣᠭᠳᠠᠵᠤ᠂ ᠰᠠᠷ᠎ᠠ ᠶᠢᠨ ᠴᠠᠯᠢᠩ ᠨᠢ 1 ᠲᠦᠮᠡ ᠠᠴᠠ 8 ᠲᠦᠮᠡᠨ ᠲᠥᠭᠦᠷᠢᠭ ᠲᠤ ᠬᠦᠷᠴᠦ ᠪᠣᠶ᠃ ᠲᠣᠰ ᠭᠠᠷᠠᠭ ᠲᠤ ᠶᠠᠪᠤᠬᠳᠠᠬᠰᠠᠨ ᠵᠧᠵᠢᠶᠠᠩ ᠶᠡᠭᠡ ᠰᠤᠷᠭᠠᠭᠤᠯᠢ ᠶᠢᠨ ᠳᠣᠲᠣᠷᠠᠬᠢ ᠨᠢᠭᠡ ᠤᠳᠠᠭᠠᠨ ᠤ ᠠᠵᠢᠯᠲᠠᠨ ᠡᠯᠰᠡᠬᠦ ᠬᠤᠷᠠᠯ ᠳᠡᠭᠡᠷ᠎ᠡ᠂ 39 ᠨᠢᠭᠡᠴᠡ ᠶᠢᠨ 1000 ᠭᠠᠷᠤᠶ ᠠᠵᠢᠯ ᠤᠨ ᠪᠠᠶᠢᠷᠢ ᠲᠤᠳᠤᠷ᠎ᠠ ᠵᠣᠬᠢᠶᠠᠮᠠᠯ ᠣᠶᠤᠨ ᠴᠢᠳᠠᠪᠤᠷᠢ ᠪᠠ ᠮᠠᠰᠢᠨ ᠬᠥᠮᠦᠨ ᠲᠠᠢ ᠬᠤᠯᠪᠣᠭ᠎ᠠ ᠲᠠᠢ ᠠᠵᠢᠯ ᠤᠨ ᠪᠠᠶᠢᠷᠢ ᠨᠠᠯᠢᠶᠡᠳ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号