ᠤᠮᠠᠷᠠᠲᠤ ᠬᠢᠯᠢ ᠶᠢᠨ ᠰᠣᠶᠣᠯ ᠢ ᠶᠡᠭᠡ ᠪᠠᠷ ᠪᠠᠳᠠᠷᠠᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠲᠦᠴᠢᠦᠸᠠᠨ ᠰᠢᠶᠠᠨ ᠤ ᠤᠳᠬ᠎ᠠ | ᠤᠷᠠᠯᠢᠭ ᠤᠨ ᠬᠤᠯᠪᠣᠭᠠᠲᠤ ᠬᠤᠷᠠᠯ ᠠᠴᠠ ᠤᠳᠬ᠎ᠠ ᠤᠷᠠᠯᠢᠭ ᠤᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ | ᠲᠠᠢ ᠫᠢᠩ ᠰᠢᠶᠠᠩ ᠤᠨ ᠡᠦ ᠰᠠᠨ ᠲᠣᠰᠬᠤᠨ ᠳᠤ ᠬᠦᠷᠴᠦ᠂ ︽ᠤᠷᠠᠨ ᠪᠢᠴᠢᠯᠭᠡ ᠤᠷᠠᠨ ᠵᠢᠷᠤᠭ ᠢᠶᠠᠷ ᠬᠥᠳᠡᠭᠡ | ᠲᠣᠰᠬᠤᠨ ᠢ ᠤᠮᠳᠠᠯᠠᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠷᠠᠳ ᠤᠨ ᠵᠠᠩ ᠦᠢᠯᠡ ᠶᠢᠨ ᠭᠤᠣᠯ | ᠰᠡᠳᠦᠪᠲᠦ ᠵᠣᠬᠢᠶᠠᠨ ᠪᠦᠲᠦᠭᠡᠯᠭᠡ᠂ ᠨᠡᠶᠢᠲᠡ ᠶᠢᠨ ᠠᠰᠠᠷᠠᠮᠵᠢ ᠶᠢᠨ ᠤᠷᠠᠯᠢᠭ ᠤᠨ ᠪᠣᠯᠪᠠᠰᠤᠷᠠᠯ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠰᠣᠯᠢᠯᠴᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠤᠷᠠᠨ ᠵᠢᠷᠤᠭ ᠤᠷᠠᠨ | ᠪᠢᠴᠢᠯᠭᠡ ᠶᠢ ᠨᠤᠲᠤᠭ ᠤᠨ ᠠᠮᠢᠳᠤᠷᠠᠯ ᠳᠤ ᠠᠭᠤᠰᠤᠯᠴᠠᠭᠤᠯᠵᠤ᠂ ᠲᠣᠰᠬᠤᠨ ᠤ ᠠᠷᠠᠳ ᠲᠤ ᠡᠯᠪᠡᠭ ᠪᠠᠶᠠᠯᠢᠭ | ᠰᠣᠶᠣᠯ ᠤᠨ ᠦᠪᠡᠳᠡᠭᠰᠢ ᠨᠠᠶᠢᠷ ᠬᠦᠷᠭᠡᠪᠡ᠃ | | ᠦ᠋ ᠰᠠᠨ ᠲᠣᠰᠬᠤᠨ ᠤ ᠰᠣᠶᠣᠯ ᠤᠨ ᠠᠵᠢᠯᠯᠠᠭᠠᠨ ᠤ ᠲᠥᠪ ᠲᠤ ᠤᠷᠤᠬᠤ ᠳᠤ᠂ ᠭᠤᠷᠪᠠᠨ ᠤᠷᠳᠤ ᠰᠢᠷᠡᠭᠡ ᠶᠢ | ᠵᠠᠯᠭᠠᠵᠤ ᠲᠠᠯᠪᠢᠵᠤ᠂ ᠼᠦᠢ ᠱᠤ᠋ ᠵᠢᠶᠠᠩ ᠵᠡᠷᠭᠡ ᠭᠤᠷᠪᠠᠨ ᠤᠷᠠᠨ ᠪᠢᠴᠢᠯᠭᠡᠲᠡᠨ ᠲᠤᠬᠠᠢ ᠶᠢᠨ ᠲᠠᠯᠠᠪᠠᠢ ᠳᠤ ᠪᠢᠷ | ᠬᠤᠷᠤᠶᠢᠯᠠᠵᠤ᠂ ᠤᠷᠠᠨ ᠪᠢᠴᠢᠯᠭᠡ ︽ᠱᠠᠨ ᠰᠢ ᠲᠣᠰᠬᠤᠨ ᠢᠶᠠᠷ ᠵᠤᠭᠠᠴᠠᠭᠰᠠᠨ ᠨᠢ︾᠂ ᠠᠷᠠᠳ ᠤᠨ ᠵᠠᠩ ᠦᠢᠯᠡ | ᠶᠢᠨ ᠱᠤᠭ ᠵᠢᠷᠤᠭ ︽ᠶᠡᠭᠡ ᠴᠠᠰᠤ ᠪᠠᠷ ᠴᠠᠭᠠᠨ ᠨᠣᠭᠤᠭ᠎ᠠ ᠳᠠᠪᠤᠰᠤᠯᠠᠭᠰᠠᠨ ᠨᠢ︾ ᠵᠡᠷᠭᠡ ᠪᠦᠲᠦᠭᠡᠯ ᠴᠠᠭᠠᠰᠤᠨ | ᠳᠡᠭᠡᠷ᠎ᠡ ᠪᠢᠴᠢᠭᠯᠡᠭᠳᠡᠪᠡ᠃ ᠲᠣᠰᠬᠤᠨ ᠤ ᠠᠷᠠᠳ ᠰᠢᠷᠡᠭᠡᠨ ᠡᠮᠦᠨ᠎ᠡ ᠲᠣᠭᠤᠷᠢᠨ ᠦᠵᠡᠵᠦ᠂ ᠪᠠᠶᠢᠨ ᠪᠠᠶᠢᠨ ᠮᠠᠭᠲᠠᠨ | ᠰᠠᠶᠢᠰᠢᠶᠠᠵᠤ ᠪᠠᠶᠢᠯ᠎ᠠ᠃ | | | | | | ︽ᠪᠢᠳᠡ ᠮᠠᠲ᠋ᠧᠷᠢᠶᠠᠯ ᠴᠤᠭᠯᠠᠭᠤᠯᠬᠤ ᠳᠠᠭᠠᠨ᠂ ᠲᠣᠰᠬᠤᠨ ᠤ ᠠᠷᠠᠳ ᠤᠨ ᠬᠡᠷ ᠲᠠᠬᠢ ᠱᠦᠭᠦᠷ ᠤᠨ ᠬᠡ | ᠤᠭᠠᠯᠵᠠ᠂ ᠬᠠᠶᠢᠴᠢᠯᠠᠮᠠᠯ ᠤᠨ ᠬᠡ ᠤᠭᠠᠯᠵᠠ ᠶᠢᠨ ᠲᠣᠰ ᠪᠡᠶ᠎ᠡ ᠨᠢ ᠳᠠᠷᠤᠶ ᠠᠮᠢᠳᠤ ᠰᠣᠷᠭᠤᠭ ᠤᠷᠠᠯᠢᠭ ᠤᠨ ᠦᠭᠡ | ᠬᠡᠯᠡ ᠪᠣᠯᠬᠤ ᠶᠢ ᠣᠯᠵᠤ ᠮᠡᠳᠡᠵᠡᠶ᠃ ᠡᠨᠡ ᠤᠳᠠᠭᠠᠨ ᠤ ᠵᠣᠬᠢᠶᠠᠨ ᠪᠦᠲᠦᠭᠡᠯᠭᠡ ᠨᠢ ᠳᠥᠭᠦᠮᠬᠡᠨ ︿ᠰᠣᠶᠣᠯ ᠬᠦᠷᠭᠡᠬᠦ | ﹀ ᠪᠢᠰᠢ᠂ ᠬᠠᠷᠢᠨ ᠲᠤᠰᠬᠠᠶ ᠮᠡᠷᠭᠡᠵᠢᠯ ᠤᠨ ᠠᠷᠭ᠎ᠠ ᠪᠠᠷ ᠲᠡᠳᠡᠨ ᠤ ᠲᠠᠨᠢᠯ ᠲᠠᠰᠤᠯ ᠨᠤᠲᠤᠭ ᠤᠨ ᠭᠤᠸ᠎ᠠ ᠵᠦᠶ ᠶᠢ | ᠪᠣᠯᠪᠠᠰᠤᠷᠠᠭᠤᠯᠤᠨ᠎ᠠ᠃︾ ᠭᠡᠵᠦ ᠰᠢᠶᠠᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠦ᠋ | ᠰᠠᠨ ᠲᠣᠰᠬᠤᠨ ᠤ ︽ᠰᠣᠶᠣᠯ ᠤᠨ ᠲᠣᠰᠬᠤᠨ ᠤ ᠳᠠᠷᠤᠭ᠎ᠠ︾ ᠼᠦᠢ ᠱᠤ᠋ ᠵᠢᠶᠠᠩ ᠬᠡᠯᠡᠪᠡ᠃ | | ᠳᠠᠷᠠᠭ᠎ᠠ ᠨᠢ ᠤᠷᠠᠨ ᠪᠢᠴᠢᠯᠭᠡ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠵᠡᠷᠭᠡᠪᠡᠷ ᠡᠬᠢᠯᠡᠪᠡ᠃ ᠰᠢᠶᠠᠨ ᠤ | ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠵᠠᠩ ᠴᠢᠶᠦ᠋ᠨ ᠶᠢᠩ ᠪᠢᠷ ᠠᠳᠬᠤᠬᠤ ᠬᠡᠯᠪᠡᠷᠢ ᠠᠴᠠ | ᠡᠬᠢᠯᠡᠨ ᠵᠢᠭᠠᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ ᠢ ᠳᠠᠭᠠᠭᠤᠯᠤᠨ ︽ᠭᠡᠷ ᠪᠦᠯᠢ ᠡᠶ᠎ᠡ ᠡᠪᠲᠡᠢ | ᠪᠣᠯ ᠲᠦᠮᠡᠨ ᠬᠡᠷᠡᠭ ᠥᠭᠡᠳᠡ ᠡᠰᠡᠷᠡᠭ︾ ᠭᠡᠬᠦ ᠮᠡᠲᠦ ᠶᠢᠨ ᠥᠯᠵᠡᠶᠢᠲᠦ ᠥᠭᠦᠯᠡᠪᠦᠷᠢ ᠶᠢ ᠳᠠᠭᠤᠷᠢᠶᠠᠨ ᠪᠢᠴᠢᠵᠡᠢ᠃ | 49 ᠨᠠᠰᠤᠲᠠᠢ ᠲᠣᠰᠬᠤᠨ ᠤ ᠠᠷᠠᠳ ᠶᠠᠩ ᠯᠢ ᠴᠢᠨ ᠴᠠᠭᠠᠰᠤᠨ ᠳᠡᠭᠡᠷ᠎ᠡ ᠠᠩᠬ᠎ᠠ ᠤᠳᠠᠭ᠎ᠠ ᠦᠰᠦᠨ ᠪᠢᠷ ᠢᠶᠠᠷ | ᠪᠢᠴᠢᠬᠦ ᠳᠤ᠂ ᠨᠢᠭᠤᠷ ᠳᠦᠭᠦᠷᠡᠩ ᠠᠮᠵᠢᠯᠲᠠ ᠶᠢᠨ ᠲᠦᠷᠦᠭᠳᠡᠯ ᠲᠠᠢ ᠪᠠᠶᠢᠯ᠎ᠠ᠃ | ᠲᠠᠢ ᠫᠢᠩ ᠰᠢᠶᠠᠩ ᠤᠨ ᠦ᠋ ᠰᠠᠨ ᠲᠣᠰᠬᠤᠨ ᠤ ᠠᠷᠠᠳ ᠶᠠᠩ ᠯᠢ ᠴᠢᠨ᠄ ︽ᠥᠩᠭᠡᠷᠡᠭᠰᠡᠨ ᠳᠤ ᠦᠰᠦᠨ ᠪᠢᠷ | ᠲᠤ ᠭᠠᠷ ᠬᠦᠷᠴᠦ ᠥᠩᠭᠡᠷᠡᠭᠰᠡᠨ ᠦᠭᠡᠢ᠂ ᠤᠷᠠᠨ ᠪᠢᠴᠢᠯᠭᠡ ᠣᠨᠴᠠᠭᠠᠢ ᠡᠷᠬᠢᠮ ᠲᠡᠭᠡᠳᠦ᠂ ᠮᠠᠨ ᠤ ᠠᠮᠢᠳᠤᠷᠠᠯ | ᠠᠴᠠ ᠬᠤᠯᠠ ᠪᠠᠶᠢᠭ᠎ᠠ ᠰᠢᠭ ᠰᠠᠨᠠᠭᠳᠠᠵᠤ᠃ ᠡᠨᠡ ᠤᠳᠠᠭ᠎ᠠ ᠵᠠᠪᠰᠢᠶᠠᠨ ᠲᠠᠭᠠᠷᠠᠵᠤ ᠥᠪᠡᠷ ᠢᠶᠠᠨ ᠪᠢᠷ ᠳᠠᠬᠤᠨ | ᠪᠢᠴᠢᠭᠰᠡᠨ ᠳᠤ᠂ ᠮᠠᠰᠢ ᠪᠠᠶᠠᠷᠯᠠᠵᠤ ᠪᠠᠶᠢᠨ᠎ᠠ᠂ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠪᠠᠭᠰᠢ ᠳᠤ | ᠲᠠᠯᠠᠷᠬᠠᠵᠤ ᠪᠠᠶᠢᠨ᠎ᠠ︕ ᠬᠤᠵᠢᠮ ᠪᠢ ᠰᠠᠶᠢᠨ ᠪᠣᠯᠪᠠᠰᠤᠷᠠᠵᠤ ᠴᠠᠭᠠᠨ ᠰᠠᠷ᠎ᠠ ᠶᠢᠨ ᠬᠤᠤᠰ ᠤᠶᠠᠩᠭ᠎ᠠ ᠪᠢᠴᠢᠬᠦ ᠪᠠᠷ | ᠴᠢᠷᠮᠠᠶᠢᠶ᠎ᠠ᠃︾ ᠭᠡᠪᠡ᠃ | | ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠴᠠᠭ ᠦᠶ᠎ᠡ ᠶᠢᠨ ᠭᠤᠤᠯ ᠰᠡᠳᠦᠪ ᠲᠤ ᠠᠩᠬᠠᠷᠤᠯ | ᠢᠶᠠᠨ ᠲᠥᠪᠯᠡᠷᠡᠭᠦᠯᠵᠦ᠂ ᠤᠳᠬ᠎ᠠ ᠤᠷᠠᠯᠢᠭ ᠤᠨ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ | ᠲᠦᠮᠡᠨ ᠲᠠᠢ ᠣᠶᠢᠷᠠᠲᠤᠭᠰᠠᠨ᠂ ᠬᠠᠶᠢᠷ᠎ᠠ ᠬᠠᠯᠠᠮᠵᠢ ᠲᠠᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ | ᠂ ᠡᠯ᠎ᠡ ᠲᠥᠷᠥᠯ ᠤᠨ ᠰᠣᠶᠣᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠤᠳᠬ᠎ᠠ | ᠤᠷᠠᠯᠢᠭ ᠤᠨ ᠪᠦᠲᠦᠭᠡᠯ ᠢ ᠬᠥᠳᠡᠭᠡ ᠲᠣᠰᠬᠤᠨ ᠳᠤ ᠬᠦᠷᠭᠡᠵᠦ᠂ ᠥᠷᠭᠡᠨ ᠣᠯᠠᠨ ᠲᠣᠰᠬᠤᠨ ᠤ ᠠᠷᠠᠳ ᠤᠨ | ᠰᠣᠶᠣᠯ ᠤᠨ ᠢᠲᠡᠭᠡᠯ ᠪᠠ ᠬᠠᠮᠲᠤ ᠶᠢᠨ ᠲᠠᠨᠢᠯᠲᠠ ᠶᠢ ᠬᠥᠭᠵᠢᠭᠡᠪᠡ᠃ | | ︽ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ︿ᠳᠠᠭᠠᠭᠤᠯᠤᠨ ᠪᠠᠭᠤᠵᠤ ᠵᠢᠭᠠᠨ ᠰᠤᠷᠭᠠᠬᠤ᠂ ᠤᠷᠢᠵᠤ | ᠦᠵᠡᠰᠬᠦᠯᠡᠩ ᠳᠤ ᠣᠷᠣᠯᠴᠠᠭᠤᠯᠬᠤ﹀ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠷᠠᠯᠢᠭ ᠢ ᠨᠤᠲᠤᠭ ᠤᠰᠤᠨ ᠳᠠᠭᠠᠨ | ᠦᠨᠳᠦᠰᠦᠯᠡᠭᠦᠯᠵᠦ᠂ ᠨᠠᠩ ᠣᠯᠠᠨ ︿ᠲᠠᠷᠢᠶᠠᠴᠢᠨ ᠤ ᠤᠷᠠᠯᠢᠭᠴᠢᠨ﹀ ᠢ ᠬᠥᠮᠦᠵᠢᠭᠦᠯᠦᠨ ᠭᠠᠷᠭᠠᠪᠠ᠃ ᠰᠣᠶᠣᠯ ᠢ | ᠬᠥᠭᠵᠢᠭᠦᠯᠦᠨ ᠮᠠᠨᠳᠤᠭᠤᠯᠬᠤ ᠳᠤ ᠬᠤᠣᠰ ᠴᠢᠭᠯᠡᠯ ᠢᠶᠠᠷ ᠴᠢᠷᠮᠠᠶᠢᠬᠤ ᠴᠢᠬᠤᠯᠠᠲᠠᠢ᠂ ᠳᠠᠷᠠᠭᠠᠴᠢ ᠶᠢᠨ ᠠᠯᠬᠤᠮ ᠳᠤ | ᠪᠢᠳᠡ ︿ᠲᠣᠰᠬᠤᠨ ᠤ ᠠᠷᠠᠳ ᠤᠨ ᠵᠠᠬᠢᠶᠠᠯᠠᠭ᠎ᠠ ᠬᠢᠬᠦ᠂ ᠤᠳᠬ᠎ᠠ ᠤᠷᠠᠯᠢᠭ ᠤᠨ ᠬᠤᠯᠪᠣᠭ᠎ᠠ ᠵᠠᠬᠢᠶᠠᠯᠠᠭ᠎ᠠ ᠶᠢ | ᠲᠣᠮᠢᠯᠠᠵᠤ᠂ ᠤᠷᠠᠯᠢᠭᠴᠢᠳ ᠵᠠᠬᠢᠶᠠᠯᠠᠭ᠎ᠠ ᠶᠢ ᠬᠦᠯᠢᠶᠡᠨ ᠠᠪᠬᠤ﹀ ᠵᠠᠭᠪᠤᠷ ᠢ ᠪᠠᠶᠢᠭᠤᠯᠵᠤ᠂ ᠤᠷᠠᠨ ᠪᠢᠴᠢᠯᠭᠡ ᠤᠷᠠᠨ | ᠵᠢᠷᠤᠭ ᠤᠨ ᠪᠣᠯᠪᠠᠰᠤᠷᠠᠯ ᠢ ᠬᠥᠳᠡᠭᠡ ᠲᠣᠰᠬᠤᠨ ᠤ ᠰᠣᠶᠣᠯ᠂ ᠮᠠᠯᠴᠢᠨ ᠲᠠᠷᠢᠶᠠᠴᠢᠨ ᠤ ᠠᠮᠢᠳᠤᠷᠠᠯ ᠲᠠᠢ ᠨᠡᠩ | ᠨᠢᠭᠲᠠ ᠤᠶᠠᠯᠳᠤᠭᠤᠯᠤᠨ᠎ᠠ᠃︾ ᠭᠡᠵᠦ ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ | ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ᠯᠢ ᠲᠢᠶᠠᠨ ᠶᠧ ᠬᠡᠯᠡᠪᠡ᠃ | |