2 ᠰᠠᠷ᠎ᠠ ᠶᠢᠨ 3 ᠤ ᠡᠳᠦᠷ᠂ ᠲᠦᠴᠢᠦᠸᠠᠨ ᠰᠢᠶᠠᠨ ᠲᠦᠷᠦᠭᠦᠦ ᠪᠦᠯᠦᠭ ᠤᠨ ︽ᠴᠡᠭ ᠠᠴᠠ ᠴᠡᠭ ᠲᠤ | ᠬᠥᠷᠬᠦ︾ ᠬᠥᠳᠡᠯᠮᠦᠷᠢ ᠦᠶᠯᠡᠴᠢᠯᠡᠭᠡᠨ ᠤ ᠭᠠᠷᠭᠠᠯᠲᠠ ᠶᠢ ᠵᠣᠯᠭᠠᠭᠤᠯᠬᠤ ᠠᠵᠢᠯᠯᠠᠭ᠎ᠠ ᠶᠢᠨ ᠦᠳᠡᠨ ᠮᠣᠷᠳᠠᠭᠤᠯᠬᠤ | ᠶᠣᠰᠣᠯᠠᠯ ᠶᠠᠪᠤᠭᠤᠯᠪᠠ᠃ ᠲᠦᠴᠢᠦᠸᠠᠨ ᠰᠢᠶᠠᠨ ᠤ ᠡᠯ᠎ᠡ ᠰᠢᠶᠠᠩ ᠪᠠᠯᠭᠠᠰᠤᠨ ᠤ 80 ᠭᠠᠷᠤᠢ ᠬᠥᠯᠥᠰᠥᠨ | ᠠᠵᠢᠯᠴᠢᠨ ᠲᠤᠰᠬᠠᠢ ᠲᠡᠷᠭᠡᠨ ᠳᠤ ᠰᠠᠭᠤᠵᠤ ᠪᠡᠭᠡᠵᠢᠩ᠂ ᠲᠢᠶᠠᠨᠵᠢᠨ ᠵᠡᠷᠭᠡ ᠭᠠᠵᠠᠷ ᠲᠤ ᠬᠦᠷᠴᠦ ᠠᠵᠢᠯ ᠤᠨ | ᠪᠠᠶᠢᠷᠢ ᠳᠠᠭᠠᠨ ᠪᠤᠴᠠᠵᠤ ᠬᠥᠯᠥᠰᠥᠨ ᠠᠵᠢᠯ ᠬᠢᠵᠦ᠂ 2025 ᠣᠨ ᠤ ᠲᠦᠴᠢᠦᠸᠠᠨ ᠰᠢᠶᠠᠨ ᠤ ᠭᠠᠳᠠᠭᠰᠢ | ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠤᠯᠬᠤ ᠶᠢ | ᠪᠠᠲᠤᠯᠠᠬᠤ ᠦᠢᠯᠡᠴᠢᠯᠡᠭᠡᠨ ᠤ ᠬᠥᠰᠢᠭᠡ ᠶᠢ ᠰᠡᠬᠦᠵᠦ᠂ ᠰᠢᠨ᠎ᠡ ᠨᠢᠭᠡ ᠵᠢᠯ ᠤᠨ ᠬᠥᠯᠥᠰᠥᠨ ᠠᠵᠢᠯ ᠬᠢᠵᠦ ᠣᠷᠣᠯᠭ᠎ᠠ | ᠪᠠᠨ ᠨᠡᠮᠡᠭᠳᠡᠭᠦᠯᠬᠦ᠂ ᠠᠵᠢᠯ ᠣᠯᠵᠤ ᠪᠠᠶᠠᠵᠢᠬᠤ ᠰᠢᠨ᠎ᠡ ᠠᠶᠠᠨ ᠢᠶᠠᠨ ᠡᠬᠢᠯᠡᠭᠦᠯᠵᠡᠢ᠃ | | ᠰᠢᠨ᠎ᠡ ᠵᠢᠯ ᠡᠬᠢᠯᠡᠮᠡᠭᠴᠡ᠂ ᠲᠦᠴᠢᠦᠸᠠᠨ ᠰᠢᠶᠠᠨ ᠡᠯ᠎ᠡ ᠭᠠᠵᠠᠷ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠵᠠᠬ᠎ᠠ ᠳᠡᠯᠭᠡᠭᠦᠷ ᠢᠶᠠᠨ ᠨᠡᠭᠡᠭᠡᠬᠦ | ᠠᠰᠢᠭᠲᠠᠢ ᠠᠵᠠ ᠲᠣᠬᠢᠶᠠᠯ ᠢ ᠠᠮᠵᠢᠵᠤ᠂ ᠮᠤᠵᠢ ᠶᠢᠨ ᠭᠠᠳᠠᠨᠠᠬᠢ ᠠᠵᠤ ᠠᠬᠤᠶᠢᠯᠠᠯ ᠢ ᠣᠨᠣᠪᠴᠢᠲᠠᠢ ᠪᠠᠶᠢᠴᠠᠭᠠᠨ | ᠵᠢᠭᠰᠠᠭᠠᠵᠤ᠂ ᠵᠣᠯᠭᠠᠭᠤᠯᠤᠨ ᠵᠣᠬᠢᠴᠠᠭᠤᠯᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠᠨ ᠪᠦᠬᠦ ᠲᠠᠯ᠎ᠠ ᠪᠠᠷ | ᠬᠠᠷᠠᠯᠲᠠ ᠲᠠᠢ ᠪᠠᠷ ᠬᠦᠷᠭᠡᠬᠦ ᠶᠢᠨ ᠬᠠᠮᠲᠤ ᠠᠵᠢᠯ ᠤᠨ ᠪᠠᠶᠢᠷᠢ ᠳᠠᠭᠠᠨ ᠪᠤᠴᠠᠬᠤ ᠲᠤᠰᠬᠠᠢ ᠲᠡᠷᠭᠡ ᠶᠢ ᠵᠣᠬᠢᠶᠠᠨ | ᠪᠠᠶᠢᠭᠤᠯᠵᠤ᠂ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠤ ︽ᠭᠡᠷ ᠠᠴᠠ ᠪᠠᠨ ᠭᠠᠷᠴᠤ | ᠲᠡᠷᠭᠡᠨ ᠳᠤ ᠣᠷᠣᠬᠤ᠂ ᠲᠡᠷᠭᠡᠨ ᠠᠴᠠ ᠪᠠᠭᠤᠵᠤ ᠦᠢᠯᠡᠳᠪᠦᠷᠢ ᠳᠤ ᠣᠷᠣᠬᠤ︾ ︽ᠴᠡᠭ ᠠᠴᠠ ᠴᠡᠭ ᠲᠤ ᠬᠦᠷᠬᠦ᠂ | ᠨᠢᠭᠡ ᠥᠷᠲᠡᠭᠡᠨ ᠤ ᠮᠠᠶ᠋ᠢᠭ︾ ᠤᠨ ᠰᠢᠭᠤᠳ ᠦᠢᠯᠡᠴᠢᠯᠡᠭᠡ ᠬᠠᠩᠭᠠᠵᠤ᠂ ᠤᠯᠠᠨ ᠤ ᠰᠠᠨᠠᠭ᠎ᠠ ᠠᠮᠤᠷ ᠭᠠᠳᠠᠭᠰᠢ | ᠭᠠᠷᠴᠤ᠂ ᠤᠷᠤᠭᠰᠢᠲᠠᠢ ᠬᠦᠷᠴᠦ᠂ ᠠᠮᠤᠷ ᠲᠦᠪᠰᠢᠨ ᠢᠶᠠᠷ ᠠᠵᠢᠯ ᠤᠨ ᠪᠠᠶᠢᠷᠢ ᠳᠠᠭᠠᠨ ᠭᠠᠷᠬᠤ ᠶᠢ ᠪᠠᠲᠤᠯᠠᠪᠠ᠃ | ᠮᠣᠷᠳᠠᠬᠤ ᠠᠴᠠ ᠡᠮᠦᠨ᠎ᠡ᠂ ᠠᠵᠢᠯᠲᠠᠳ ᠡᠮᠬᠢ ᠵᠢᠷᠤᠮ ᠲᠠᠢ ᠪᠠᠷ ᠬᠥᠯᠥᠰᠥᠨ ᠠᠵᠢᠯᠴᠢᠳ ᠤᠨ ᠬᠤᠪᠢ ᠬᠥᠮᠦᠨ ᠤ | ᠮᠡᠳᠡᠭᠡ ᠵᠠᠩᠭᠢ ᠶᠢ ᠲᠡᠮᠳᠡᠭᠯᠡᠨ ᠥᠭᠴᠦ᠂ ᠬᠠᠮᠢᠶ᠎ᠠ ᠪᠥᠬᠦᠶ ᠮᠠᠲ᠋ᠧᠷᠢᠶᠠᠯ ᠢ ᠲᠠᠷᠬᠠᠭᠠᠨ ᠥᠭᠴᠦ᠂ ᠵᠠᠮ ᠵᠠᠭᠤᠷ᠎ᠠ ᠶᠢᠨ | ᠠᠩᠬᠠᠷᠬᠤ ᠵᠦᠶᠯᠡᠰ ᠢ ᠨᠠᠷᠢᠨ ᠣᠶᠢᠯᠠᠭᠠᠵᠤ᠂ ᠭᠠᠳᠠᠭᠰᠢ ᠭᠠᠷᠴᠤ ᠬᠥᠯᠥᠰᠥᠨ ᠠᠵᠢᠯ ᠬᠢᠬᠦ ᠠᠮᠤᠷ ᠲᠦᠪᠰᠢᠨ ᠤ | ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠭᠦᠭᠰᠡᠨ ᠪᠥᠭᠡᠳ ᠲᠥᠬᠦᠮ ᠮᠢᠨᠲᠤᠤᠷ᠂ ᠬᠢᠮ᠎ᠠ᠂ ᠷᠠᠰᠢᠶᠠᠨ ᠤᠰᠤ ᠵᠡᠷᠭᠡ | ᠡᠳ᠋ ᠪᠣᠳᠠᠰ ᠬᠦᠷᠭᠡᠵᠦ᠂ ᠬᠥᠯᠥᠰᠥᠨ ᠠᠵᠢᠯ ᠬᠢᠭᠰᠡᠳ ᠢ ᠠᠮᠤᠷ ᠲᠦᠪᠰᠢᠨ᠂ ᠤᠷᠤᠭᠰᠢᠲᠠᠶ ᠪᠠᠷ ᠠᠵᠢᠯ ᠤᠨ | ᠪᠠᠶᠢᠷᠢ ᠳᠤᠨᠢ ᠬᠦᠷᠭᠡᠪᠡ᠃ | | ︽ᠥᠩᠭᠡᠷᠡᠭᠰᠡᠨ ᠳᠤ ᠤᠳᠠᠭ᠎ᠠ ᠪᠣᠯᠭᠠᠨ ᠭᠠᠳᠠᠭᠰᠢ ᠭᠠᠷᠴᠤ ᠠᠵᠢᠯ ᠡᠷᠢᠬᠦ ᠳᠤ ᠪᠦᠷ ᠲᠤᠩ ᠬᠦᠴᠢᠷᠲᠡᠢ᠂ | ᠭᠠᠯᠲᠤ ᠲᠡᠷᠭᠡᠨ ᠳᠤ ᠰᠠᠭᠤᠬᠤ ᠪᠠᠷ ᠣᠴᠢᠨ᠎ᠠ᠂ ᠡᠨᠡ ᠤᠳᠠᠭ᠎ᠠ᠂ ᠰᠢᠶᠠᠨ ᠠᠴᠠ ᠵᠣᠬᠢᠶᠠᠨ ᠪᠠᠶᠢᠭᠤᠯᠤᠭᠰᠠᠨ | ᠠᠵᠢᠯ ᠤᠨ ᠪᠠᠶᠢᠷᠢ ᠳᠠᠭᠠᠨ ᠪᠤᠴᠠᠬᠤ ᠶᠢ ᠲᠤᠰᠠᠯᠠᠬᠤ ᠠᠵᠢᠯ ᠲᠤᠩ ᠰᠠᠶᠢᠨ᠂ ᠪᠢᠳᠡᠨ ᠤ ᠭᠠᠳᠠᠭᠰᠢ ᠭᠠᠷᠴᠤ | ᠠᠵᠢᠯᠯᠠᠬᠤ ᠳᠤ ᠲᠤᠰᠠᠯᠠᠵᠤ᠂ ᠪᠢ ᠯᠠᠪ ᠰᠢᠶᠠᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠴᠢᠷᠮᠠᠶᠢᠨ | ᠠᠵᠢᠯᠯᠠᠨ᠎ᠠ᠃︾ ᠭᠡᠵᠦ ᠪᠡᠭᠡᠵᠢᠩ ᠳᠤ ᠬᠥᠯᠥᠰᠥᠨ ᠠᠵᠢᠯ ᠬᠢᠵᠦ ᠪᠠᠶᠢᠭ᠎ᠠ ᠲᠦᠴᠢᠦᠸᠠᠨ ᠪᠠᠯᠭᠠᠰᠤᠨ ᠤ ᠳ᠋ᠦᠩᠱᠧᠩ | ᠲᠣᠰᠬᠤᠨ ᠤ ᠵᠧᠦ ᠲᠤᠤ ᠬᠡᠯᠡᠪᠡ᠃ | | ︽ᠡᠨᠡ ᠵᠢᠯ ᠪᠣᠯ ᠮᠢᠨᠦ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠨ 6 ᠵᠢᠯ ᠪᠣᠯᠤᠨ᠎ᠠ᠂ ᠵᠢᠯ ᠪᠣᠯᠭᠠᠨ | ᠶᠠᠪᠤᠬᠤ ᠳᠤ ᠪᠦᠷ ᠲᠤᠩ ᠬᠦᠴᠢᠷ᠂ ᠬᠡᠳᠦ ᠤᠳᠠᠭ᠎ᠠ ᠲᠡᠷᠭᠡ ᠰᠤᠯᠢᠨ᠎ᠠ᠂ ᠡᠨᠡ ᠵᠢᠯ ᠬᠥᠯᠥᠰᠥᠨ ᠠᠵᠢᠯᠲᠠᠨ ᠢ | ᠲᠢᠶᠠᠨᠵᠢᠨ ᠳᠤ ᠬᠦᠷᠭᠡᠵᠦ ᠥᠭᠬᠦ ᠪᠠᠷ ᠳᠠᠮᠵᠢᠨ᠂ ᠪᠢᠳᠡ ᠰᠢᠭᠤᠳ ᠰᠠᠨᠠᠭ᠎ᠠ ᠠᠮᠤᠷ ᠠᠵᠢᠯᠯᠠᠵᠤ᠂ ᠪᠢᠳᠡᠨ ᠢ | ᠬᠠᠪᠰᠤᠷᠴᠤ ᠲᠡᠨᠳᠡ ᠣᠴᠢᠵᠤ᠂ ᠰᠠᠶᠢᠨ ᠠᠵᠢᠯᠯᠠᠵᠤ᠂ ᠰᠠᠨᠠᠭ᠎ᠠ ᠠᠮᠤᠷ ᠵᠣᠭᠤᠰ ᠣᠯᠤᠨ᠎ᠠ︕︾ ᠭᠡᠵᠦ | ᠲᠢᠶᠠᠨᠵᠢᠨ ᠲᠤ ᠬᠦᠯᠦᠰᠦᠨ ᠠᠵᠢᠯ ᠬᠢᠵᠦ ᠪᠠᠶᠢᠭ᠎ᠠ ᠯᠢᠦ ᠬᠣ᠋ ᠪᠠᠯᠭᠠᠰᠤᠨ ᠤ ᠰᠢᠩ ᠴᠢᠤᠸᠠᠨ ᠲᠣᠰᠬᠤᠨ ᠤ ᠯᠢ ᠶᠠᠨ | ᠬᠡᠯᠡᠨ᠎ᠡ᠃ | | ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠢᠮᠠᠭᠲᠠ ᠬᠥᠳᠡᠯᠮᠦᠷᠢ ᠬᠦᠴᠦᠨ ᠤ ᠭᠠᠷᠭᠠᠯᠲᠠ ᠶᠢ ᠲᠠᠷᠢᠶᠠᠴᠢᠳ | ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠭᠰᠠᠭᠠᠷ ᠢᠷᠡᠵᠡᠶ᠃ ᠵᠠᠰᠠᠭ ᠤᠨ ᠣᠷᠳᠣᠨ ᠬᠥᠲᠥᠯᠥᠨ ᠵᠢᠯᠣᠭᠤᠳᠬᠤ | ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠤᠨ ᠬᠢᠨ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠭᠢᠷᠢᠨ ᠮᠤᠵᠢ ᠶᠢᠨ ᠲᠤᠤᠨᠠᠨ ᠬᠤᠲᠠ᠂ ᠥᠪᠥᠷ ᠮᠣᠩᠭᠤᠯ ᠤᠨ ᠬᠤᠣᠯᠢᠨ ᠭᠤᠣᠯ ᠬᠤᠲᠠ ᠵᠡᠷᠭᠡ ᠡᠷᠭᠢᠨ ᠲᠣᠭᠤᠷᠢᠨ | ᠤ ᠭᠠᠵᠠᠷ ᠣᠷᠣᠨ ᠯᠤᠭ᠎ᠠ ᠬᠥᠳᠡᠯᠮᠦᠷᠢ ᠦᠢᠯᠡᠴᠢᠯᠡᠭᠡᠨ ᠤ ᠵᠣᠯᠭᠠᠭᠤᠯᠤᠨ ᠬᠠᠮᠵᠢᠯᠴᠠᠬᠤ ᠶᠢ ᠥᠷᠨᠢᠭᠦᠯᠵᠦ᠂ | ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠯᠤᠭ᠎ᠠ ᠣᠷᠣᠨ ᠪᠦᠰᠡ ᠶᠢᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠬᠤ ᠬᠠᠷᠢᠴᠠᠭ᠎ᠠ ᠶᠢ ᠪᠠᠶᠢᠭᠤᠯᠤᠨ᠂ ᠲᠠᠷᠢᠶᠠᠯᠠᠩ ᠤᠨ ᠰᠤᠯᠠ ᠬᠤᠭᠤᠴᠠᠭᠠᠨ ᠳᠤ ᠬᠥᠳᠡᠯᠮᠦᠷᠢ ᠬᠦᠴᠦᠨ ᠤ | ᠤᠯᠠᠷᠢᠯ ᠤᠨ ᠴᠢᠨᠠᠷᠲᠠᠶ ᠠᠵᠢᠯ ᠬᠥᠳᠡᠯᠮᠦᠷᠢ ᠬᠢᠬᠦ ᠶᠢ ᠬᠥᠲᠥᠯᠥᠨ ᠵᠢᠯᠣᠭᠤᠳᠬᠤ ᠲᠤᠰᠬᠠᠶ ᠵᠦᠢᠯ ᠤᠨ ᠠᠵᠢᠯᠯᠠᠭ᠎ᠠ | ᠶᠢᠨ ᠰᠢᠨ᠎ᠡ ᠶᠢ ᠡᠭᠦᠳᠦᠨ ᠥᠷᠨᠢᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠳᠤ ︽ᠣᠬᠤᠷ᠂ ᠲᠡᠭᠰᠢ᠂ | ᠲᠦᠷᠭᠡᠨ︾ ᠣᠷᠣᠯᠭ᠎ᠠ ᠨᠡᠮᠡᠭᠳᠡᠭᠦᠯᠬᠦ ᠠᠷᠭ᠎ᠠ ᠵᠠᠮ ᠢ ᠨᠡᠮᠡᠭᠰᠡᠨ ᠪᠠᠶᠢᠨ᠎ᠠ᠃ ᠡᠭᠦᠨ ᠤ ᠬᠠᠮᠲᠤ ᠬᠥᠯᠥᠰᠥᠨ ᠠᠵᠢᠯ | ᠬᠢᠭᠰᠡᠳ ᠢ ᠨᠢᠭᠡᠳᠦᠯᠲᠡᠶ ᠵᠣᠬᠢᠶᠠᠨ ᠪᠠᠶᠢᠭᠤᠯᠵᠤ ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠨᠢᠭᠡᠳᠦᠯᠲᠡᠶ ᠵᠣᠬᠢᠶᠠᠨ | ᠪᠠᠶᠢᠭᠤᠯᠵᠤ᠂ ᠵᠠᠮ ᠬᠠᠷᠢᠯᠴᠠᠭᠠᠨ ᠤ ᠪᠠᠭᠠᠵᠢ ᠶᠢ ᠨᠢᠭᠡᠳᠦᠯᠲᠡᠶ ᠪᠣᠯᠭᠠᠵᠤ᠂ ︽ᠭᠡᠷ ᠠᠴᠠ ᠪᠠᠨ ᠭᠠᠷᠴᠤ ᠲᠡᠷᠭᠡᠨ | ᠡᠭᠦᠳᠡ ᠪᠠᠷ ᠣᠷᠣᠵᠤ᠂ ᠲᠡᠷᠭᠡᠨ ᠠᠴᠠ ᠪᠠᠭᠤᠵᠤ ᠦᠢᠯᠡᠳᠪᠦᠷᠢ ᠳᠤ ᠣᠷᠣᠬᠤ︾ ᠶᠢᠨ ︽ᠴᠡᠭ ᠠᠴᠠ ᠴᠡᠭ ᠲᠤ | ᠬᠦᠷᠬᠦ︾ ᠨᠢᠭᠡ ᠦᠷᠳᠡᠭᠡᠴᠢᠯᠡᠭᠰᠡᠨ ᠮᠠᠶ᠋ᠢᠭ ᠤᠨ ᠬᠥᠳᠡᠯᠮᠦᠷᠢ ᠦᠢᠯᠡᠴᠢᠯᠡᠭᠡᠨ ᠤ ᠬᠦᠷᠭᠡᠬᠦ ᠵᠠᠭᠪᠤᠷ ᠢ ᠪᠡᠶᠡᠯᠡᠭᠦᠯᠵᠦ᠂ | ᠵᠣᠬᠢᠶᠠᠨ ᠪᠠᠶᠢᠭᠤᠯᠤᠯᠲᠠ ᠠᠴᠠ ᠰᠢᠯᠵᠢᠭᠦᠯᠦᠨ ᠭᠠᠷᠭᠠᠬᠤ ᠬᠡᠯᠪᠡᠷᠢ ᠪᠠᠷ ᠭᠠᠳᠠᠭᠰᠢ ᠭᠠᠷᠴᠤ ᠬᠥᠯᠥᠰᠥᠨ ᠠᠵᠢᠯ ᠬᠢᠬᠦ | ᠬᠥᠳᠡᠯᠮᠦᠷᠢ ᠬᠦᠴᠦᠨ ᠤ ︽ᠠᠵᠢᠯ ᠤᠯᠬᠤ ᠳᠤ ᠣᠴᠢᠬᠤ ᠭᠠᠵᠠᠷ ᠲᠠᠢ︾᠂ ︽ᠠᠵᠢᠯ ᠤᠯᠬᠤ ᠳᠤ ᠠᠷᠭ᠎ᠠ ᠵᠠᠮ | ᠲᠠᠢ︾᠂ ︽ᠡᠷᠬᠡ ᠪᠠᠨ ᠬᠠᠮᠠᠭᠠᠯᠠᠬᠤ ᠳᠤ ᠬᠠᠮᠢᠶᠠᠷᠬᠤ ᠬᠥᠮᠦᠨ ᠲᠠᠢ︾ ᠪᠠᠶᠢᠬᠤ ᠶᠢ ᠦᠨᠡᠨ ᠬᠦ ᠪᠠᠲᠤᠯᠠᠨ᠎ᠠ᠃ | | ︽ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ 2 ᠰᠠᠷ᠎ᠠ ᠶᠢᠨ ᠰᠢᠨᠡᠳ ᠢᠶᠠᠷ ᠠᠷᠪᠠᠨ ᠡᠳᠦᠷ ᠤᠨ ᠬᠤᠭᠤᠴᠠᠭ᠎ᠠ | ᠲᠠᠢ ᠬᠠᠪᠤᠷ ᠤᠨ ᠤᠯᠠᠷᠢᠯ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠨ᠎ᠡ᠂ ᠡᠭᠦᠨ ᠳᠤ ︿ | ᠠᠵᠤ ᠠᠬᠤᠶᠢᠯᠠᠯ ᠳᠤ ᠬᠦᠷᠴᠦ ᠠᠵᠢᠯ ᠤᠨ ᠪᠠᠶᠢᠷᠢ ᠰᠤᠷᠪᠤᠯᠵᠢᠯᠠᠬᠤ﹀ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ︿ᠤᠷᠢᠬᠠᠨ ᠰᠠᠯᠬᠢ ᠠᠵᠢᠯ ᠤᠨ ᠪᠠᠶᠢᠷᠢ ᠬᠦᠷᠭᠡᠬᠦ﹀ ᠠᠵᠢᠯ ᠡᠷᠢᠬᠦ ᠠᠵᠢᠯᠲᠠᠨ ᠡᠯᠰᠡᠬᠦ᠂ ︿ᠰᠢᠶᠠᠩ ᠲᠣᠰᠬᠤᠨ ᠳᠤ | ᠣᠴᠢᠵᠤ ᠠᠵᠢᠯ ᠤᠨ ᠪᠠᠶᠢᠷᠢ ᠬᠦᠷᠭᠡᠬᠦ﹀ ᠠᠵᠢᠯ ᠣᠯᠭᠤᠯᠲᠠ ᠶᠢᠨ ᠴᠤᠭᠯᠠᠭ᠎ᠠ᠂ ︿ᠭᠠᠷ ᠭᠠᠷ ᠢᠶᠠᠨ ᠬᠤᠯᠪᠣᠬᠤ﹀ | ᠤᠷ᠎ᠠ ᠴᠢᠳᠠᠪᠤᠷᠢ ᠶᠢᠨ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠵᠤ᠂ ᠮᠠᠨ ᠤ ᠰᠢᠶᠠᠨ ᠤ ᠠᠵᠢᠯ | ᠡᠷᠢᠭᠰᠡᠳ ᠤᠨ ᠠᠵᠢᠯ ᠤᠯᠬᠤ ᠭᠠᠵᠠᠷ᠂ ᠠᠵᠢᠯ ᠬᠢᠬᠦ ᠳᠤ ᠠᠷᠭ᠎ᠠ ᠵᠠᠮ ᠲᠠᠢ᠂ ᠡᠷᠬᠡ ᠠᠰᠢᠭ ᠪᠠᠲᠤᠯᠠᠭ᠎ᠠ ᠲᠠᠢ | ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠲᠦᠴᠢᠦᠸᠠᠨ ᠰᠢᠶᠠᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ | ᠶᠢᠨ ᠰᠠᠶᠢᠨ ᠡᠬᠢᠯᠡᠯᠲᠡ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃︾ ᠭᠡᠵᠦ ᠲᠦᠴᠢᠦᠸᠠᠨ ᠰᠢᠶᠠᠨ | ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠪᠠ | ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠤᠨ ᠣᠷᠣᠯᠠᠭᠴᠢ ᠡᠷᠬᠢᠯᠡᠭᠴᠢ ᠵᠠᠩ ᠯᠸᠢ ᠬᠡᠯᠡᠪᠡ᠃ |