ᠪᠤᠤ ᠾᠧᠢ ᠳ᠋ᠧᠦ 2 ᠳ᠋ᠤᠭᠠᠷ ᠨᠣᠮᠧᠷᠲᠤ ︱ ᠬᠠᠷ᠎ᠠ ᠪᠤᠷᠴᠠᠭ ᠤᠨ ᠰᠢᠨ᠎ᠡ ᠡᠭᠦᠯᠳᠡᠷ
ᠨᠡᠶᠢᠲᠡᠯᠡᠭᠰᠡᠨ ᠴᠠᠭ᠄
2025/2/5
   ᠥᠪᠡᠷᠮᠢᠴᠡ ᠣᠨᠴᠠᠯᠢᠭ    ᠬᠢᠵᠠᠭᠠᠷᠲᠠᠢ ᠬᠤᠩᠭᠤᠷᠴᠤᠭᠯᠠᠬᠤ ᠳᠤᠮᠳᠠ ᠵᠡᠷᠭᠡ ᠶᠢᠨ ᠡᠭᠦᠯᠳᠡᠷ ᠲᠤ ᠬᠠᠷᠢᠶᠠᠯᠠᠭᠳᠠᠵᠤ᠂ ᠦᠷᠡᠵᠢᠯ ᠤᠨ ᠬᠤᠭᠤᠴᠠᠭ᠎ᠠ ᠨᠢ 110.8 ~ 118.0 ᠡᠳᠦᠷ ︔ ᠤᠷᠭᠤᠮᠠᠯ ᠤᠨ ᠬᠡᠯᠪᠡᠷᠢ ᠨᠢ ᠠᠪᠴᠠᠯᠳᠣᠩᠭᠤᠢ᠂ ᠡᠰᠢ ᠶᠢᠨ ᠥᠨᠳᠥᠷ ᠨᠢ 76.8 ~ 89.3 ᠰᠠᠨᠲ᠋ᠢᠮᠧᠳ᠋᠊ ︔ ᠨᠠᠪᠴᠢᠨ ᠤ ᠢᠯᠲᠠᠰᠤ ᠨᠢ ᠵᠡᠭᠦᠦ ᠶᠢᠨ ᠬᠡᠯᠪᠡᠷᠢ ᠲᠠᠢ᠂ ᠨᠣᠭᠤᠭᠠᠨ ᠥᠩᠭᠡ ᠲᠠᠢ ︔ ᠭᠤᠣᠯ ᠡᠰᠢᠨ ᠤ ᠦᠶ᠎ᠡ ᠶᠢᠨ ᠲᠤᠭ᠎ᠠ ᠨᠢ 16.6 ~ 18.4 ᠪᠠᠶᠢᠵᠤ᠂ ᠠᠰᠢᠭᠲᠤ ᠰᠠᠯᠠᠭ᠎ᠠ ᠨᠢ 2.6 ~ 3.2 ᠪᠠᠶᠢᠳᠠᠭ ︔ ᠴᠠᠭᠠᠨ ᠴᠡᠴᠡᠭ᠂ ᠬᠦᠷᠡᠩ ᠦᠰᠦ᠂ ᠬᠤᠩᠭᠤᠷᠴᠠᠭ ᠬᠦᠷᠡᠩ ᠥᠩᠭᠡ ᠲᠠᠢ ︔ ᠳᠠᠩ ᠤᠷᠭᠤᠮᠠᠯ ᠤᠨ ᠠᠰᠢᠭᠲᠤ ᠬᠤᠩᠭᠤᠷᠴᠤᠭ ᠤᠨ ᠲᠤᠭ᠎ᠠ ᠨᠢ 45.4~52.1᠂ ᠳᠠᠩ ᠤᠷᠭᠤᠮᠠᠯ ᠤᠨ ᠮᠥᠬᠦᠯᠢᠭ ᠤᠨ ᠲᠤᠭ᠎ᠠ ᠨᠢ 89.6~102.9 ᠮᠥᠬᠦᠯᠢᠭ᠂ ᠵᠠᠭᠤᠨ ᠮᠥᠬᠦᠯᠢᠭ ᠪᠦᠷᠢ ᠶᠢᠨ ᠬᠦᠨᠳᠦ ᠨᠢ 17.7~19.2 ᠭᠷᠡᠮ ︔ ᠦᠷ᠎ᠡ ᠶᠢᠨ ᠮᠥᠬᠦᠯᠢᠭ ᠨᠢ ᠵᠤᠤᠪᠠᠩ ᠬᠡᠯᠪᠡᠷᠢᠲᠡᠢ᠂ ᠦᠷ᠎ᠡ ᠶᠢᠨ ᠬᠠᠯᠢᠰᠤ ᠨᠢ ᠬᠠᠷ᠎ᠠ᠂ ᠬᠦᠢᠰᠦ ᠨᠢ ᠴᠠᠭᠠᠨ ︔ ᠪᠣᠯᠪᠠᠰᠤᠷᠠᠬᠤ ᠦᠶ᠎ᠡ ᠳᠤ ᠬᠤᠩᠭᠤᠷᠴᠠᠭ ᠨᠢ ᠬᠠᠭᠠᠷᠠᠬᠤ ᠦᠭᠡᠢ᠂ ᠨᠠᠪᠴᠢ ᠵᠤᠯᠭᠠᠷᠠᠬᠤ ᠴᠢᠨᠠᠷ ᠰᠠᠶᠢᠨ᠂ ᠬᠡᠪᠲᠡᠬᠦ ᠶᠢ ᠡᠰᠡᠷᠭᠦᠴᠡᠬᠦ ᠴᠢᠨᠠᠷ ᠨᠢ 1.3 ~ 1.9 ᠳᠡᠰ ᠪᠠᠶᠢᠳᠠᠭ᠃ ᠰᠢᠯᠭᠠᠨ ᠲᠣᠭᠲᠠᠭᠠᠭᠰᠠᠨ ᠢᠶᠠᠷ᠂ ᠲᠣᠰ ᠡᠭᠦᠯᠳᠡᠷ ᠨᠢ ᠴᠡᠴᠡᠭ ᠤᠨ ᠨᠠᠪᠴᠢᠨ ᠤ ᠸᠢᠷᠦ᠋ᠰ SC3 ᠳᠤ ᠳᠤᠮᠳᠠ ᠵᠡᠷᠭᠡ ᠶᠢᠨ ᠮᠡᠳᠡᠷᠡᠮᠵᠢ ᠪᠠᠷ ᠢᠯᠡᠷᠡᠵᠦ᠂ SC7 ᠳᠤ ᠳᠤᠮᠳᠠ ᠵᠡᠷᠭᠡ ᠶᠢᠨ ᠡᠰᠡᠷᠭᠦᠴᠡᠯ ᠢᠶᠠᠷ ᠢᠯᠡᠷᠡᠨ᠎ᠡ᠃    ᠤᠨᠠᠯᠲᠠ ᠶᠢᠨ ᠬᠡᠮᠵᠢᠶᠡᠨ ᠤ ᠢᠯᠡᠷᠡᠯ    ᠲᠣᠰ ᠡᠭᠦᠯᠳᠡᠷ 2014 ᠣᠨ ᠳᠤ ᠾᠧᠨᠠᠨ ᠮᠤᠵᠢ ᠶᠢᠨ ᠰᠢᠷ᠎ᠠ ᠪᠤᠷᠴᠠᠭ ᠤᠨ ᠡᠭᠦᠯᠳᠡᠷ ᠤᠨ ᠦᠢᠯᠡᠳᠪᠦᠷᠢᠯᠡᠯ ᠤᠨ ᠲᠤᠷᠰᠢᠯᠲᠠ ᠳᠤ ᠣᠷᠤᠯᠴᠠᠵᠤ᠂ ᠳᠤᠮᠳᠠᠴᠢ ᠪᠠᠷ 667 ᠲᠡᠭᠰᠢ ᠳᠥᠷᠪᠡᠯᠵᠢᠨ ᠮᠧᠳ᠋ᠷ ᠤᠨ ᠤᠨᠠᠯᠲᠠ 191.4 ᠺᠢᠯᠣᠭ᠍ᠷᠠᠮ ᠪᠠᠶᠢᠵᠤ᠂ ︽ᠢᠦᠢ ᠳ᠋ᠸᠦ 22 ᠳ᠋ᠤᠭᠠᠷ ︾ ᠤᠨ ᠬᠢ ᠠᠴᠠ 1.6% ᠪᠠᠷ ᠨᠡᠮᠡᠭᠳᠡᠵᠡᠢ᠃    ᠲᠠᠷᠢᠵᠤ ᠪᠤᠶᠢᠵᠢᠭᠤᠯᠬᠤ ᠭᠤᠣᠯᠳᠠᠯᠭ᠎ᠠ    ᠳᠠᠷᠢᠬᠤ ᠬᠤᠭᠤᠴᠠᠭ᠎ᠠ ᠨᠢ 6 ᠰᠠᠷ᠎ᠠ ᠶᠢᠨ ᠳᠤᠮᠳᠠᠴᠢ᠂ 667 ᠲᠡᠭᠰᠢ ᠳᠥᠷᠪᠡᠯᠵᠢᠨ ᠮᠧᠳ᠋ᠷ ᠪᠦᠷᠢ ᠳᠤ 4~5 ᠺᠢᠯᠣᠭ᠍ᠷᠠᠮ ᠳᠠᠷᠢᠨ᠎ᠠ ︔ ᠳᠤᠮᠳᠠᠴᠢ ᠮᠥᠷ ᠪᠦᠷᠢ ᠶᠢᠨ ᠵᠠᠢ ᠨᠢ 0.4 ᠮᠧᠳ᠋ᠷ᠂ ᠤᠷᠭᠤᠮᠠᠯ ᠤᠨ ᠵᠠᠢ ᠨᠢ 0.13 ~ 0.15 ᠮᠧᠳ᠋ᠷ ᠪᠠᠶᠢᠵᠤ᠂ ᠴᠢᠬᠢᠯᠡᠭᠰᠡᠨ ᠤ ᠳᠠᠷᠠᠭ᠎ᠠ ᠪᠠ ᠴᠠᠭ ᠲᠤᠬᠠᠢ ᠳᠤ ᠨᠢ ᠴᠢᠬᠢ ᠰᠠᠭᠤᠯᠭᠠᠵᠤ᠂ ᠴᠢᠬᠢ ᠲᠤᠭᠲᠠᠭᠠᠵᠤ᠂ 667 ᠲᠡᠭᠰᠢ ᠳᠥᠷᠪᠡᠯᠵᠢᠨ ᠮᠧᠳ᠋ᠷ ᠪᠦᠷᠢ ᠳᠤ 1.1 ᠲᠦᠮᠡᠨ ᠰᠠᠭᠤᠷᠢ ᠴᠢᠬᠢ ᠦᠯᠡᠳᠡᠭᠡᠨ᠎ᠡ᠃ ᠡᠮᠦᠨ᠎ᠡ ᠠᠴᠠ ᠨᠢ ᠡᠵᠡᠮᠳᠡᠵᠦ ᠬᠤᠶᠢᠨ᠎ᠠ ᠠᠴᠠ ᠨᠢ ᠠᠬᠢᠭᠤᠯᠬᠤ ᠶᠢ ᠠᠩᠬᠠᠷᠴᠤ᠂ ᠰᠠᠯᠠᠭᠠᠯᠠᠨ ᠴᠡᠴᠡᠭᠯᠡᠬᠦ ᠬᠤᠭᠤᠴᠠᠭ᠎ᠠ ᠶᠢᠨ ᠬᠥᠭᠵᠢᠯᠲᠡ ᠶᠢᠨ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ ︔ ᠪᠤᠷᠴᠠᠭ ᠤᠨ ᠡᠰᠢ ᠶᠢᠨ ᠬᠤᠷᠤᠬᠠᠢ ᠬᠦᠨᠳᠦ ᠡᠭᠦᠰᠦᠭᠰᠡᠨ ᠭᠠᠵᠠᠷ ᠢ ᠴᠢᠬᠢᠯᠡᠭᠰᠡᠨ ᠤ ᠳᠠᠷᠠᠭ᠎ᠠ 10 ~ 15 ᠡᠳᠦᠷ ᠪᠤᠶᠤ ᠪᠤᠷᠴᠠᠭ ᠤᠨ ᠡᠰᠢ ᠶᠢᠨ ᠬᠤᠷᠣᠬᠠᠢ ᠲᠤᠮᠤᠷᠠᠵᠦ ᠳᠡᠯᠭᠡᠷᠡᠬᠦ ᠬᠤᠭᠤᠴᠠᠭᠠᠨ ᠳᠤ ᠴᠠᠭ ᠲᠤᠬᠠᠢ ᠳᠤᠨᠢ ᠡᠮ ᠢᠶᠠᠷ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠬᠡᠷᠡᠭᠲᠡᠢ᠃    ᠲᠣᠬᠢᠷᠠᠮᠵᠢᠲᠠᠢ ᠭᠠᠵᠠᠷ ᠣᠷᠣᠨ    ᠲᠤᠰ ᠡᠭᠦᠯᠳᠡᠷ ᠢ ᠾᠧᠨᠠᠨ ᠮᠤᠵᠢ ᠶᠢᠨ ᠭᠧ ᠰᠢᠶᠠ ᠰᠢᠷ᠎ᠠ ᠪᠤᠷᠴᠠᠭ ᠤᠨ ᠣᠷᠣᠨ ᠳᠤ ᠲᠠᠷᠢᠬᠤ ᠳᠤ ᠲᠣᠬᠢᠷᠠᠮᠵᠢᠲᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号