ᠪᠤᠤ ᠱᠢ ᠪᠠᠯᠭᠠᠰᠤ ᠴᠠᠰᠤ ᠮᠥᠰᠥ ᠠᠷᠢᠯᠭᠠᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ ᠺᠠᠳ᠋ᠷ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2025/2/6
   ᠺᠠᠳ᠋ᠷ ᠤᠯᠠᠨ ᠲᠦᠮᠡᠨ ᠤ ᠪᠠᠶᠠᠷ ᠤᠨ ᠡᠳᠦᠷ ᠤᠨ ᠲᠠᠷᠠᠭ᠎ᠠ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠶᠢᠨ ᠲᠥᠯᠥᠭᠡ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ  ᠪᠠᠷ ᠴᠢᠬᠤᠯᠠᠴᠢᠯᠠᠨ᠂ ᠤᠷᠢᠳᠴᠢᠯᠠᠨ ᠪᠠᠶᠢᠷᠢᠯᠠᠭᠤᠯᠵᠤ᠂ 2 ᠰᠠᠷ᠎ᠠ ᠶᠢᠨ 4 ᠤ ᠡᠳᠦᠷ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠭᠡᠰᠢᠭᠦᠨ ᠺᠠᠳ᠋ᠷ᠂ ᠰᠠᠶᠢᠨ ᠲᠤᠷᠠᠴᠤᠳ ᠵᠡᠷᠭᠡ ᠶᠢ ᠵᠣᠬᠢᠶᠠᠨ ᠪᠠᠶᠢᠭᠤᠯᠤᠨ ᠴᠠᠰᠤ ᠮᠥᠰᠥ  ᠶᠢ ᠠᠷᠢᠯᠭᠠᠬᠤ ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠬᠡᠪᠴᠢᠶᠡᠨ ᠳᠠᠬᠢ ᠭᠤᠣᠯ ᠵᠠᠮ᠂ ᠵᠡᠭᠡᠯᠢ ᠭᠤᠳᠤᠮᠵᠢ᠂ ᠪᠠᠶᠢᠭᠤᠯᠭ᠎ᠠ ᠨᠢᠭᠡᠴᠢ ᠶᠢᠨ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠥᠪᠯᠡᠷᠡᠭᠦᠯᠦᠨ ᠴᠡᠪᠡᠷᠯᠡᠪᠡ᠃
   ᠠᠵᠢᠯᠯᠠᠭ᠎ᠠ ᠳᠤᠮᠳᠠ᠂ ᠤᠯᠠᠨ ᠢᠶᠠᠷ ᠢᠶᠠᠨ ᠬᠠᠬᠢᠷ ᠬᠦᠢᠳᠡᠨ ᠠᠴᠠ ᠠᠶᠤᠬᠤ ᠦᠭᠡᠢ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠳᠬᠤᠭᠤᠷ ᠲᠡᠷᠭᠡ᠂ ᠭᠤᠷᠪᠠᠨ ᠬᠦᠷᠳᠦᠲᠦ ᠲᠡᠷᠭᠡ ᠶᠢ ᠵᠢᠯᠣᠭᠤᠳᠴᠤ᠂ ᠬᠦᠷᠵᠡ᠂ ᠱᠦᠭᠦᠷ ᠵᠡᠷᠭᠡ ᠪᠠᠭᠠᠵᠢ ᠶᠢ ᠬᠤᠷᠤᠶᠢᠯᠠᠵᠤ᠂ ᠬᠤᠷᠠᠭᠰᠠᠨ ᠴᠠᠰᠤ ᠮᠥᠰᠥ ᠶᠢ ᠨᠠᠷᠢᠨ ᠬᠢᠨᠠᠮᠠᠭᠠᠢ ᠴᠡᠪᠡᠷᠯᠡᠵᠦ᠂ ᠺᠠᠳ᠋ᠷ ᠤᠯᠠᠨ ᠲᠦᠮᠡᠨ ᠳᠤ ︽ᠠᠮᠤᠷ ᠲᠦᠪᠰᠢᠨ ᠤ ᠵᠠᠮ︾ ᠨᠡᠭᠡᠭᠡᠵᠦ ᠥᠭᠪᠡ᠃ ᠨᠢᠭᠡ ᠦᠳᠡ ᠶᠢᠨ ᠡᠮᠦᠨ᠎ᠡ ᠡᠷᠡᠯᠬᠡᠭᠯᠡᠨ ᠪᠠᠶᠢᠯᠳᠤᠭᠠᠳ᠂ ᠪᠠᠯᠭᠠᠰᠤᠨ ᠤ ᠬᠡᠪᠴᠢᠶᠡᠨ ᠳᠠᠬᠢ ᠭᠤᠤᠯ ᠵᠠᠮ ᠳᠠᠬᠢ ᠬᠤᠷᠠᠭᠰᠠᠨ ᠴᠠᠰᠤ ᠶᠢ ᠦᠨᠳᠦᠰᠦᠨ ᠳᠡᠭᠡᠨ ᠴᠡᠪᠡᠷᠯᠡᠵᠦ ᠳᠠᠭᠤᠰᠬᠠᠨ᠂ ᠵᠠᠮ ᠤᠨ ᠰᠠᠭᠠᠳ ᠥᠬᠡᠶ ᠨᠡᠪᠲᠡᠷᠡᠬᠦ ᠪᠠ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃
   ᠲᠣᠰ ᠤᠳᠠᠭᠠᠨ ᠤ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠨᠢ ᠪᠤᠤ ᠱᠢ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠪᠦᠯᠬᠦᠮᠳᠡᠨ ᠬᠠᠮᠵᠢᠯᠴᠠᠵᠤ᠂ ᠣᠯᠠᠨ ᠲᠦᠮᠡᠨ ᠳᠤ ᠦᠶᠯᠡᠴᠢᠯᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠪᠣᠳᠠᠲᠤ ᠠᠵᠢᠯᠯᠠᠭ᠎ᠠ ᠪᠠᠷ ᠢᠶᠠᠨ ︽ᠪᠢ ᠣᠯᠠᠨ ᠲᠦᠮᠡᠨ ᠳᠤ ᠪᠣᠳᠠᠲᠤ ᠠᠵᠢᠯ ᠬᠢᠬᠦ︾ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠪᠥᠬᠦ ᠪᠠᠯᠭᠠᠰᠤᠨ ᠤ ᠺᠠᠳ᠋ᠷ ᠣᠯᠠᠨ ᠲᠦᠮᠡᠨ ᠳᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠠᠪᠤᠵᠤ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠢ ᠠᠮᠤᠷ ᠲᠠᠶᠢᠪᠤᠩ ᠠᠵᠢᠯᠯᠠᠵᠤ᠂ ᠪᠠᠶᠠᠷ ᠬᠥᠷ ᠲᠠᠢ ᠠᠵᠢᠯᠯᠠᠬᠤ ᠪᠣᠯᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号