ᠬᠤᠪᠢᠰᠬᠠᠯ ᠤᠨ ᠦᠨᠳᠦᠰᠦ ᠰᠤᠳᠠᠰᠤ ᠶᠢ ᠬᠠᠶᠢᠵᠤ ᠠᠷᠠᠳ ᠤᠨ ᠵᠠᠩ ᠠᠭᠠᠯᠢ ᠶᠢ ᠤᠶᠢᠯᠭᠠᠨ᠎ᠠ
ᠨᠡᠶᠢᠲᠡᠯᠡᠭᠰᠡᠨ ᠴᠠᠭ᠄
2025/2/7
   ᠴᠠᠭᠠᠨ ᠰᠠᠷ᠎ᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ  ᠤᠨ ᠲᠣᠪᠴᠢᠶ᠎ᠠ ᠠᠯᠢ ᠤᠯᠠᠨ ᠴᠠᠭᠠᠨ ᠰᠠᠷ᠎ᠠ ᠶᠢᠨ ᠭᠤᠣᠯ ᠰᠡᠳᠦᠪᠲᠦ ᠠᠵᠢᠯᠯᠠᠭ᠎ᠠ ᠶᠢ ᠨᠠᠷᠢᠯᠢᠭ ᠲᠥᠰᠦᠪᠯᠡᠵᠦ᠂ ᠤᠯᠠᠮᠵᠢᠯᠠᠯᠲᠤ ᠰᠣᠶᠣᠯ ᠪᠣᠯᠤᠨ ᠲᠡᠦᠬᠡ ᠰᠣᠶᠣᠯ ᠤᠨ ᠤᠯᠠᠮᠵᠢᠯᠠᠯ ᠢ ᠨᠢᠭᠲᠠ ᠬᠤᠯᠪᠣᠵᠤ᠂ ᠥᠳᠬᠡᠨ ᠵᠤᠵᠠᠭᠠᠨ ᠴᠠᠭᠠᠨ ᠰᠠᠷ᠎ᠠ ᠶᠢᠨ ᠠᠭᠤᠷ ᠠᠮᠢᠰᠬᠤᠯ ᠪᠣᠯᠤᠨ ᠬᠤᠪᠢᠰᠬᠠᠯ ᠤᠨ ᠰᠣᠶᠣᠯ ᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠥᠷᠭᠦᠯᠳᠦᠭᠦᠯᠵᠦ᠂ ᠠᠭᠤᠰᠤᠯᠴᠠᠭᠤᠯᠵᠤ ᠭᠡᠷᠡᠯ ᠭᠢᠯᠪᠠᠭ᠎ᠠ ᠰᠠᠴᠤᠷᠠᠭᠤᠯᠵᠠᠢ᠃
   ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠬᠤᠪᠢᠰᠬᠠᠯ ᠤᠨ ᠰᠣᠶᠣᠯ  ᠤᠨ ᠬᠥᠮᠦᠵᠢᠯ ᠤᠨ ᠰᠠᠭᠤᠷᠢᠨ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠠᠵᠢᠯᠲᠠᠳ ᠠᠮᠠᠷᠠᠬᠤ ᠪᠠᠨ ᠪᠤᠯᠢᠵᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠥᠷᠭᠡᠨ ᠤᠯᠠᠨ ᠵᠢᠭᠤᠯᠴᠢᠯᠠᠭᠰᠠᠳ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠳᠤ ᠪᠦᠬᠦ ᠬᠦᠴᠦ ᠪᠠᠷ  ᠢᠶᠠᠨ ᠪᠠᠲᠤᠯᠠᠭ᠎ᠠ ᠬᠠᠩᠭᠠᠵᠤ᠂ ᠨᠡᠶᠢᠳᠡ 1000 ᠭᠠᠷᠤᠢ ᠬᠥᠮᠦᠨ ᠤᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠠᠪᠴᠤ᠂ ᠵᠢᠭᠤᠯᠴᠢᠯᠠᠭᠰᠠᠳ ᠪᠠᠶᠠᠷ ᠤᠨ ᠡᠳᠦᠷ ᠢᠶᠠᠨ ᠪᠠᠶᠠᠷᠯᠠᠨ ᠪᠡᠯᠭᠡᠯᠡᠬᠦ ᠶᠢᠨ ᠵᠡᠷᠭᠡ ᠪᠠᠷ ᠬᠤᠶᠢᠨ᠎ᠠ ᠬᠤᠶᠢᠨ᠎ᠠ  ᠠᠴᠠ ᠪᠠᠨ ︽ᠬᠤᠪᠢᠰᠬᠠᠯ ᠤᠨ ᠳᠤᠷᠠᠰᠤᠮᠵᠢ︾ ᠪᠠᠨ ᠲᠡᠮᠳᠡᠭᠯᠡᠵᠦ᠂ ᠣᠨᠳᠣᠣ ᠨᠢᠭᠡ ᠳᠤᠮᠳᠠᠳᠤ ᠤᠯᠤᠰ ᠤᠨ ᠵᠢᠯ ᠢ ᠥᠩᠭᠡᠷᠡᠭᠦᠯᠪᠡ᠃
   ᠵᠤᠭᠠᠴᠠᠭᠴᠢ ᠰᠦᠨ ᠷᠧᠨ ᠵᠢᠶᠧ᠄ ︽ᠰᠢᠨ᠎ᠡ ᠵᠢᠯ ᠳᠤ᠂ ᠡᠵᠢ ᠮᠢᠨᠢ ᠥᠬᠢᠨ ᠳᠡᠭᠦᠦ ᠪᠢᠳᠡ ᠬᠤᠶᠠᠭᠤᠯᠠ ᠶᠢ ᠳᠠᠭᠠᠭᠤᠯᠵᠤ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠳᠤ ᠢᠷᠡᠪᠡ᠂ ᠠᠳᠡ ᠪᠢ ᠥᠬᠢᠨ ᠳᠡᠭᠦᠦ  ᠲᠠᠢ ᠪᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠲᠦᠴᠢᠦᠸᠠᠨ ᠤ ᠮᠠᠰᠢ ᠤᠯᠠᠨ ᠲᠡᠦᠬᠡ ᠶᠢ ᠣᠶᠢᠯᠠᠭᠠᠵᠤ᠂ ᠮᠠᠰᠢ ᠪᠠᠶᠠᠷᠲᠠᠢ ᠪᠠᠶᠢᠨ᠎ᠠ︕︾ ᠭᠡᠨ᠎ᠡ᠃
   ︽ᠴᠠᠭᠠᠨ ᠰᠠᠷ᠎ᠠ ᠶᠢᠨ ᠬᠤᠭᠤᠴᠠᠭᠠᠨ ᠳᠤ ᠬᠡᠦᠬᠡᠳ ᠢᠶᠠᠨ ᠳᠠᠭᠠᠭᠤᠯᠤᠨ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠳᠤ ᠣᠴᠢᠭᠰᠠᠨ ᠨᠢ ᠲᠦᠴᠢᠦᠸᠠᠨ ᠰᠢᠶᠠᠨ ᠤ ᠬᠥᠭᠵᠢᠯᠲᠡ ᠶᠢᠨ ᠲᠡᠦᠬᠡ ᠶᠢ ᠣᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠬᠡᠦᠬᠡᠳ ᠢ ᠬᠠᠷᠠᠬᠠᠨ ᠪᠠᠭ᠎ᠠ ᠠᠴᠠ ᠨᠢ ᠬᠤᠪᠢᠰᠬᠠᠯ ᠤᠨ ᠰᠣᠶᠣᠯ ᠲᠠᠢ ᠤᠢᠢᠷᠠᠳᠤᠭᠤᠯᠵᠦ᠂ ᠶᠡᠭᠡ ᠣᠯᠤᠯᠲᠠ ᠲᠠᠢ ᠪᠣᠯᠭᠠᠭᠰᠠᠨ ᠪᠠᠶᠢᠨ᠎ᠠ᠃︾ ᠭᠡᠵᠦ ᠵᠢᠭᠤᠯᠴᠢᠯᠠᠭᠴᠢ ᠰᠢᠩ ᠢᠤᠢ ᠬᠡᠯᠡᠵᠡᠶ᠃
   ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠭᠠᠵᠠᠷ ᠰᠢᠨ᠎ᠡ ᠵᠢᠯ ᠤᠨ ᠦᠨᠦᠷ ᠠᠮᠲᠠ ᠲᠡᠭᠦᠯᠳᠡᠷ᠂ ᠠᠵᠢᠯᠯᠠᠭ᠎ᠠ ᠡᠯᠪᠡᠭ ᠪᠠᠶᠠᠯᠢᠭ ᠪᠠᠶᠢᠵᠤ᠂ ᠦᠵᠡᠭᠦᠯᠭᠡ ᠶᠢᠨ ᠲᠢᠩᠬᠢᠮ ᠳᠤ ᠬᠢᠯᠠᠯᠵᠠᠭᠰᠠᠨ ︽ᠤᠯᠠᠭᠠᠨ ᠦᠩᠭᠡ︾ ᠭᠠᠵᠠᠷ ᠰᠠᠶ ᠥᠬᠡᠶ ᠬᠠᠷᠠᠭᠳᠠᠨ᠎ᠠ᠂ ᠰᠣᠶᠣᠯ  ᠤᠨ ︽ᠤᠯᠠᠭᠠᠨ︾ ᠨᠢ ᠰᠢᠨ᠎ᠡ ᠵᠢᠯ ᠤᠨ ︽ᠤᠯᠠᠭᠠᠨ︾ ᠲᠠᠢ ᠲᠠᠭᠠᠷᠠᠯᠳᠤᠪᠠᠯ᠂ ᠬᠤᠪᠢᠰᠬᠠᠯ ᠤᠨ ᠰᠣᠶᠣᠯ ᠨᠢ ᠰᠢᠨ᠎ᠡ ᠵᠢᠯ ᠤᠨ ᠥᠩᠭᠡ ᠪᠤᠳᠤᠭ ᠢ ᠪᠠᠶᠠᠯᠢᠭᠵᠢᠭᠤᠯᠵᠤ᠂ ᠬᠤᠪᠢᠰᠬᠠᠯ ᠤᠨ ᠵᠢᠭᠤᠯᠴᠢᠯᠠᠯ ᠨᠢ ᠴᠦ ᠴᠠᠭᠠᠨ ᠰᠠᠷ᠎ᠠ ᠶᠢ ᠨᠠᠩ ︽ᠬᠥᠭᠵᠢᠶᠡᠨ ᠲᠠᠢ︾ ᠪᠣᠯᠭᠠᠳᠠᠭ᠃
   ᠲᠦᠴᠢᠦᠸᠠᠨ ᠰᠢᠶᠠᠨ ᠤ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ ᠤ ᠲᠠᠶᠢᠯᠪᠤᠷᠢᠯᠠᠭᠴᠢ ᠯᠢᠦ ᠢᠤᠢ ᠸᠧᠢ᠄ ︽ᠲᠤᠰ ᠤᠳᠠᠭ᠎ᠠ ᠶᠢᠨ ᠠᠵᠢᠯᠯᠠᠭ᠎ᠠ ᠨᠢ ᠤᠯᠠᠨ ᠲᠦᠮᠡᠨ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠤᠨ ᠳᠤᠮᠳᠠ ᠠᠴᠠ ᠤᠯᠠᠮᠵᠢᠯᠠᠯᠲᠤ ᠪᠠᠶᠠᠷ ᠤᠨ ᠡᠳᠦᠷ ᠤᠨ ᠷᠢᠳᠢ ᠰᠢᠳᠢ ᠶᠢ ᠮᠡᠳᠡᠷᠡᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠮᠣᠭᠠᠢ ᠵᠢᠯ ᠤᠨ ᠴᠠᠭᠠᠨ ᠰᠠᠷ᠎ᠠ  ᠳᠤ ᠥᠪᠡᠷᠮᠢᠴᠡ ᠰᠣᠶᠣᠯ ᠤᠨ ᠭᠡᠷᠡᠯ ᠭᠢᠯᠪᠠᠭ᠎ᠠ ᠨᠡᠮᠡᠷᠢᠯᠡᠵᠡᠢ᠃ ᠵᠠᠯᠭᠠᠭᠠᠳ᠂ ᠪᠢᠳᠡ ᠪᠠᠰᠠ ᠨᠠᠩ ᠣᠯᠠᠨ ᠭᠤᠶᠢᠳᠠ ᠰᠠᠶᠢᠬᠠᠨ ᠠᠵᠢᠯᠯᠠᠭ᠎ᠠ ᠥᠷᠨᠢᠭᠦᠯᠵᠦ᠂ ᠣᠯᠠᠨ ᠳᠤ ᠦᠷᠭᠦᠯᠵᠢᠯᠡᠨ ᠪᠠᠶᠠᠷ ᠪᠠᠶᠠᠰᠤᠯ ᠪᠠ ᠬᠠᠶᠢᠷ᠎ᠠ ᠬᠠᠯᠠᠮᠵᠢ ᠠᠪᠴᠢᠷᠠᠨ᠎ᠠ᠃︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号