ᠰᠠᠶᠢᠨ ᠦᠷ᠎ᠡ ᠶᠢ ᠰᠣᠩᠭᠤᠵᠤ᠂ ᠰᠠᠶᠢᠨ ᠠᠮᠤ ᠪᠤᠳᠠᠭ᠎ᠠ ᠶᠢ ᠲᠠᠷᠢᠵᠤ᠂ ᠮᠠᠯᠴᠢᠨ ᠲᠠᠷᠢᠶᠠᠴᠢᠨ ᠤ ᠦᠷᠭᠦᠯᠵᠢᠯᠡᠨ | ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠠᠳᠡ ᠥᠷᠭᠡᠨ ᠣᠯᠠᠨ ᠮᠠᠯᠴᠢᠨ | ᠲᠠᠷᠢᠶᠠᠴᠢᠨ ᠨᠠᠶᠢᠵᠠ ᠨᠠᠷ ᠲᠤ ᠦᠷ᠎ᠡ ᠰᠣᠩᠭᠤᠬᠤ᠂ ᠦᠷ᠎ᠡ ᠬᠤᠳᠠᠯᠳᠤᠨ ᠠᠪᠬᠤ ᠳᠠᠭᠠᠨ ︽ᠲᠠᠪᠤ ᠶᠢ ᠠᠪᠬᠤ ︾ | ︽ᠲᠠᠪᠤ ᠶᠢ ᠠᠪᠬᠤ ᠦᠭᠡᠢ ︾ ᠵᠠᠷᠴᠢᠮ ᠢ ᠪᠠᠲᠤ ᠴᠡᠭᠡᠵᠢᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ | ︽ᠲᠠᠪᠤ ᠶᠢ ᠠᠪᠬᠤ ︾ | ᠨᠢᠭᠡ ᠳᠤ ᠦᠨᠡᠮᠯᠡᠯ ᠢ ᠨᠢ ᠦᠵᠡᠬᠦ ᠬᠡᠷᠡᠭᠲᠡᠢ᠃ ᠵᠢᠩᠬᠢᠨᠢ ᠦᠨᠡᠨᠴᠢ ᠢᠲᠡᠭᠡᠮᠵᠢ ᠲᠠᠢ ᠦᠷ᠎ᠡ ᠶᠢᠨ ᠠᠵᠤ | ᠠᠬᠤᠶᠢᠯᠠᠯ ᠪᠠ ᠡᠵᠡᠩᠨᠡᠯᠲᠡ ᠶᠢᠨ ᠳᠡᠯᠭᠡᠭᠦᠷ ᠢ ᠰᠣᠩᠭᠤᠵᠤ ᠦᠷ᠎ᠡ ᠬᠤᠳᠠᠯᠳᠤᠨ ᠠᠪᠬᠤ ᠬᠡᠷᠡᠭᠲᠡᠢ᠂ | ᠡᠵᠡᠩᠨᠡᠯᠲᠡ ᠶᠢᠨ ᠦᠨᠡᠮᠯᠡᠯ᠂ ᠨᠠᠶᠢᠳᠠᠯᠭ᠎ᠠ ᠪᠠᠷ ᠣᠷᠣᠯᠠᠨ ᠪᠣᠷᠣᠯᠠᠭᠤᠯᠬᠤ ᠭᠡᠷ᠎ᠡ᠂ ᠳᠠᠩᠰᠠᠯᠠᠭᠤᠯᠤᠭᠰᠠᠨ | ᠬᠦᠰᠦᠨᠦᠭᠲᠦ ᠶᠢ ᠪᠠᠶᠢᠴᠠᠭᠠᠵᠤ ᠦᠵᠡᠬᠦ ᠴᠢᠬᠤᠯᠠᠲᠠᠢ᠃ | ᠬᠤᠶᠠᠷ ᠲᠤ ᠱᠣᠰᠢᠭ᠎ᠠ ᠲᠡᠮᠳᠡᠭ ᠢ ᠨᠢ ᠪᠠᠶᠢᠴᠠᠭᠠᠬᠤ ᠬᠡᠷᠡᠭᠲᠡᠢ᠃ ᠱᠣᠰᠢᠭ᠎ᠠ ᠲᠡᠮᠳᠡᠭ ᠪᠠ ᠬᠡᠷᠡᠭᠯᠡᠬᠦ | ᠲᠣᠳᠣᠷᠬᠠᠶᠢᠯᠠᠯᠲᠠ ᠳᠡᠭᠡᠷᠡᠬᠢ ᠦᠢᠯᠡᠳᠪᠦᠷᠢᠯᠡᠵᠦ ᠡᠵᠡᠩᠨᠡᠭᠴᠢ ᠶᠢᠨ ᠮᠡᠳᠡᠭᠡ ᠵᠠᠩᠭᠢ᠂ ᠪᠠᠶᠢᠴᠠᠭᠠᠨ ᠰᠢᠯᠭᠠᠭᠰᠠᠨ | ᠡᠳᠦᠷ ᠬᠤᠭᠤᠴᠠᠭ᠎ᠠ ᠪᠠ ᠶᠠᠰᠤ ᠴᠢᠨᠠᠷ ᠤᠨ ᠪᠠᠲᠤᠯᠠᠭ᠎ᠠ ᠶᠢᠨ ᠬᠤᠭᠤᠴᠠᠭ᠎ᠠ᠂ ᠳᠠᠷᠢᠬᠤ ᠳᠤ ᠲᠣᠬᠢᠷᠠᠬᠤ ᠣᠷᠣᠨ | ᠪᠦᠰᠡ᠂ ᠭᠤᠣᠯ ᠰᠢᠨᠵᠢ ᠪᠠᠶᠢᠳᠠᠯ᠂ ᠠᠶᠤᠯ ᠲᠦᠭᠰᠢᠭᠦᠷᠢ ᠶᠢᠨ ᠰᠠᠨᠠᠭᠤᠯᠤᠮᠵᠢ ᠵᠡᠷᠭᠡ ᠠᠭᠤᠯᠭ᠎ᠠ ᠶᠢ ᠪᠠᠶᠢᠴᠠᠭᠠᠨ | ᠦᠵᠡᠬᠦ ᠬᠡᠷᠡᠭᠲᠡᠢ᠃ | ᠭᠤᠷᠪᠠ ᠳᠤ ᠶᠠᠰᠤ ᠴᠢᠨᠠᠷ ᠢ ᠨᠢ ᠦᠵᠡᠬᠦ ᠬᠡᠷᠡᠭᠲᠡᠢ᠃ ᠤᠰᠤᠨ ᠤ ᠠᠭᠤᠯᠤᠭᠳᠠᠴᠠ ᠶᠢᠨ ᠵᠡᠭᠦᠯᠲᠡ ᠶᠢᠨ | ᠬᠡᠮᠵᠢᠭᠳᠡᠯ ᠨᠢ ᠬᠡᠳᠦᠢ ᠳᠣᠣᠷ᠎ᠠ ᠪᠣᠯ ᠲᠡᠳᠦᠢ ᠰᠠᠶᠢᠨ᠂ ᠴᠡᠪᠡᠷᠴᠡ᠂ ᠨᠠᠬᠢᠶᠠᠯᠠᠬᠤ ᠨᠤᠷᠮ᠎ᠠ᠂ ᠴᠡᠪᠡᠷᠴᠡ ᠶᠢᠨ | ᠵᠡᠭᠦᠯᠲᠡ ᠶᠢᠨ ᠬᠡᠮᠵᠢᠭᠳᠡᠯ ᠨᠢ ᠬᠡᠳᠦᠢ ᠥᠨᠳᠥᠷ ᠪᠣᠯ ᠲᠡᠳᠦᠢ ᠰᠠᠶᠢᠨ ᠪᠠᠶᠢᠳᠠᠭ᠃ | ᠳᠥᠷᠪᠡ ᠳᠤ ᠲᠠᠮᠠᠭ᠎ᠠ ᠲᠠᠢ ᠪᠢᠯᠧᠲ ᠪᠠᠷᠢᠮᠲᠠ ᠶᠢ ᠨᠢ ᠦᠯᠡᠳᠡᠭᠡᠬᠦ ᠬᠡᠷᠡᠭᠲᠡᠢ᠃ ᠦᠷ᠎ᠡ ᠬᠤᠳᠠᠯᠳᠤᠨ | ᠠᠪᠬᠤ ᠳᠠᠭᠠᠨ ᠪᠣᠷᠣᠯᠠᠭᠤᠯᠬᠤ ᠳᠡᠯᠭᠡᠭᠦᠷ ᠠᠴᠠ ᠪᠠᠷᠢᠮᠲᠠ ᠪᠤᠶᠤ ᠲᠠᠮᠠᠭ᠎ᠠ ᠲᠠᠢ ᠪᠠᠷᠢᠮᠲᠠ ᠠᠪᠴᠤ᠂ ᠦᠷ᠎ᠡ | ᠬᠤᠳᠠᠯᠳᠤᠨ ᠠᠪᠤᠭᠰᠠᠨ ᠭᠡᠷᠡᠴᠢ ᠪᠠᠷᠢᠮᠲᠠ ᠪᠠ ᠦᠷ᠎ᠡ ᠶᠢᠨ ᠪᠣᠭᠤᠳᠠᠯ ᠤᠨ ᠤᠭᠤᠲᠠ ︵ᠱᠣᠰᠢᠭ᠎ᠠ ︶ ᠪᠠᠨ | ᠲᠠᠷᠢᠶ᠎ᠠ ᠬᠤᠷᠢᠶᠠᠭᠰᠠᠨ ᠤ ᠲᠠᠷᠠᠭ᠎ᠠ ᠪᠣᠯᠲᠠᠯ᠎ᠠ ᠬᠠᠳᠠᠭᠠᠯᠠᠬᠤ ᠬᠡᠷᠡᠭᠲᠡᠢ᠃ | ᠲᠠᠪᠤ ᠳᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ᠃ ᠦᠷ᠎ᠡ ᠶᠢᠨ ᠶᠠᠰᠤ ᠴᠢᠨᠠᠷ ᠲᠤ ᠠᠰᠠᠭᠤᠳᠠᠯ ᠭᠠᠷᠬᠤ | ᠪᠤᠶᠤ ᠦᠷ᠎ᠡ ᠬᠡᠷᠡᠭᠯᠡᠭᠰᠡᠨ ᠠᠴᠠ ᠪᠣᠯᠵᠤ ᠬᠤᠬᠢᠷᠠᠯ ᠭᠠᠷᠬᠤ ᠦᠶ᠎ᠡ ᠳᠤ᠂ ᠠᠯᠠᠭᠯᠠᠨ ᠳᠠᠷᠢᠭᠰᠠᠨ ᠲᠤᠬᠠᠢ ᠶᠢᠨ | ᠲᠠᠯᠠᠪᠤᠷ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠰᠠᠶᠢᠲᠤᠷ ᠬᠠᠮᠠᠭᠠᠯᠠᠬᠤ ᠶᠢᠨ ᠬᠠᠮᠲᠤ ᠲᠤᠬᠠᠢ ᠶᠢᠨ | ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ 12316 ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠴᠠᠭ ᠲᠤᠬᠠᠢ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ ᠬᠡᠷᠡᠭᠲᠡᠢ᠃ | ︽ᠲᠠᠪᠤ ᠶᠢ ᠠᠪᠬᠤ ᠦᠭᠡᠢ ︾ | ᠨᠢᠭᠡ ᠳᠤ ᠰᠣᠬᠤᠷ ᠪᠠᠯᠠᠢ ᠪᠠᠷ ᠲᠠᠭᠠᠵᠤ ᠪᠣᠯᠬᠤ ᠦᠭᠡᠢ᠃ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ | ᠴᠢᠨᠠᠷ᠂ ᠬᠦᠴᠦ ᠰᠢᠮ᠎ᠡ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠪᠠᠶᠢᠳᠠᠯ ᠢ ᠬᠠᠶᠢᠬᠤᠷᠤᠯ ᠦᠭᠡᠢ ᠪᠠᠷ ᠰᠣᠬᠤᠷ | ᠪᠠᠯᠠᠢ ᠪᠠᠷ ᠪᠤᠰᠤᠳ ᠢ ᠲᠠᠭᠠᠵᠤ ᠠᠪᠬᠤ᠂ ᠬᠥᠮᠥᠨ ᠶᠠᠮᠠᠷ ᠡᠭᠦᠯᠳᠡᠷ ᠢ ᠲᠠᠷᠢᠪᠠᠯ ᠳᠠᠭᠠᠵᠤ ᠲᠡᠷᠡ ᠡᠭᠦᠯᠳᠡᠷ ᠢ ᠨᠢ | ᠲᠠᠷᠢᠬᠤ ᠠᠴᠠ ᠵᠠᠶᠢᠯᠠᠰᠬᠢᠬᠤ ᠬᠡᠷᠡᠭᠲᠡᠢ᠃ | ᠬᠤᠶᠠᠷ ᠲᠤ ᠰᠢᠨ᠎ᠡ ᠬᠠᠨᠳᠤᠰᠢ ᠶᠢ ᠳᠠᠭᠠᠵᠤ ᠪᠣᠯᠬᠤ ᠦᠭᠡᠢ᠃ ᠰᠢᠨ᠎ᠡ ᠡᠭᠦᠯᠳᠡᠷ ᠯᠠ ᠪᠣᠯ ᠰᠠᠶᠢᠨ ᠭᠡᠵᠦ | ᠦᠵᠡᠵᠦ᠂ ᠲᠤᠰ ᠡᠭᠦᠯᠳᠡᠷ ᠨᠢ ᠬᠢᠨᠠᠨ ᠲᠣᠭᠲᠠᠭᠠᠯᠲᠠ ᠪᠤᠶᠤ ᠪᠦᠷᠢᠳᠬᠡᠯᠲᠡ ᠳᠤ ᠬᠢᠷᠢ ᠲᠡᠩᠴᠡᠭᠰᠡᠨ ᠡᠰᠡᠬᠦ ᠶᠢ | ᠬᠠᠮᠢᠶᠠᠷᠬᠤ ᠦᠭᠡᠢ ᠪᠠᠶᠢᠵᠤ ᠪᠤᠯᠬᠤ ᠦᠭᠡᠢ᠃ | ᠭᠤᠷᠪᠠ ᠳᠤ ᠣᠷᠣᠨ ᠪᠦᠰᠡ ᠶᠢ ᠳᠠᠪᠠᠵᠤ ᠪᠣᠯᠬᠤ ᠦᠭᠡᠢ᠃ ᠲᠠᠷᠢᠶ᠎ᠠ ᠲᠠᠷᠢᠬᠤ ᠳᠠᠭᠠᠨ ᠬᠤᠷᠠᠮᠠᠯ ᠰᠡᠷᠢᠭᠦᠨ | ᠪᠦᠰᠡ ᠶᠢᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠮᠵᠢᠲᠠᠢ ᠡᠭᠦᠯᠳᠡᠷ ᠢ ᠲᠠᠷᠢᠵᠤ᠂ ᠣᠷᠣᠨ ᠪᠦᠰᠡ ᠶᠢ ᠳᠠᠪᠠᠵᠤ | ᠣᠷᠣᠢ ᠪᠣᠯᠪᠠᠰᠤᠷᠠᠬᠤ ᠡᠭᠦᠯᠳᠡᠷ ᠢ ᠰᠣᠩᠭᠤᠵᠤ ᠪᠣᠯᠬᠤ ᠦᠭᠡᠢ᠃ | ᠳᠥᠷᠪᠡ ᠳᠤ ᠥᠨᠳᠥᠷ ᠢ ᠬᠥᠭᠡᠭᠡᠴᠡᠯᠳᠦᠵᠦ ᠪᠣᠯᠬᠤ ᠦᠭᠡᠢ᠃ ᠥᠨᠳᠥᠷ ᠦᠨ᠎ᠡ ᠲᠠᠢ ᠦᠷ᠎ᠡ ᠯᠠᠪ ᠰᠠᠶᠢᠨ | ᠦᠷ᠎ᠡ ᠭᠡᠵᠦ ᠦᠵᠡᠬᠦ ᠠᠴᠠ ᠵᠠᠶᠢᠯᠠᠰᠬᠢᠪᠡᠯ ᠵᠣᠬᠢᠨ᠎ᠠ᠃ | ᠲᠠᠪᠤ ᠳᠤ ᠤᠳᠠᠭᠠᠰᠢᠷᠠᠭᠤᠯᠵᠤ ᠪᠣᠯᠬᠤ ᠦᠭᠡᠢ᠃ ᠴᠠᠭ ᠢ ᠠᠮᠵᠢᠨ ᠦᠷ᠎ᠡ ᠬᠤᠳᠠᠯᠳᠤᠨ ᠠᠪᠬᠤ ᠦᠭᠡᠢ᠂ | ᠲᠠᠷᠢᠬᠤ ᠦᠶ᠎ᠡ ᠳᠤ ᠰᠠᠶ᠋ᠢ ᠦᠷ᠎ᠡ ᠬᠤᠳᠠᠯᠳᠤᠨ ᠠᠪᠬᠤ ᠪᠠᠷ ᠶᠠᠭᠠᠷᠠᠪᠠᠯ᠂ ᠬᠠᠮᠤᠭ ᠤᠨ ᠰᠠᠶᠢᠨ ᠲᠠᠷᠢᠬᠤ ᠴᠠᠭ | ᠦᠶ᠎ᠡ ᠶᠢ ᠠᠯᠳᠠᠵᠤ ᠮᠡᠳᠡᠨ᠎ᠡ᠃ |