ᠱᠦᠶ ᠴᠢᠤᠸᠠᠨ ᠪᠠᠯᠭᠠᠰᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ︽ᠴᠤᠭᠯᠠᠷᠠᠯ ᠤᠨ ᠪᠦᠷᠢᠶ᠎ᠡ︾  ᠶᠢ ᠬᠠᠩᠭᠢᠨᠠᠭᠤᠯᠤᠨ᠎ᠠ
ᠨᠡᠶᠢᠲᠡᠯᠡᠭᠰᠡᠨ ᠴᠠᠭ᠄
2025/3/12
  ᠣᠲᠣ ᠪᠣᠯ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ ᠂ ᠣᠶᠢᠷ᠎ᠠ ᠶᠢᠨ ᠡᠳᠦᠷ ᠤᠳ ᠲᠤ᠂ ᠱᠦᠶ ᠴᠢᠤᠸᠠᠨ ᠪᠠᠯᠭᠠᠰᠤ ᠲᠠᠷᠢᠶᠠᠯᠠᠬᠤ ᠴᠠᠭ ᠢ ᠵᠠᠪᠳᠤᠨ᠂ ᠤᠷᠢᠳᠴᠢᠯᠠᠨ ᠠᠷᠭ᠎ᠠ ᠰᠦᠪᠡᠭᠴᠢᠯᠡᠵᠦ᠂ ᠳᠡᠭᠡᠳᠦ ᠬᠡᠮᠵᠢᠶ᠎ᠡ ᠪᠠᠷ ᠳᠥᠯᠭᠢᠨ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠢ ᠪᠥᠬᠦ ᠲᠠᠯ᠎ᠠ ᠪᠠᠷ ︽ᠬᠠᠮᠠᠭᠠᠯᠠᠵᠤ︾ ᠪᠠᠶᠢᠨ᠎ᠠ᠃
   ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ ︽ᠠᠩᠬᠠᠨ ᠤ ᠰᠢᠲᠠᠷ᠎ᠠ︾ ᠶᠢ ᠰᠠᠶᠢᠨ ᠲᠠᠯᠪᠢᠬᠤ ᠬᠡᠷᠡᠭᠲᠡᠶ      ︽ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ︾ ᠬᠠᠷᠠᠯᠲᠠ ᠶᠢᠨ ᠲᠣᠭᠤᠷᠢᠨ ᠳᠤ᠂ ︽ᠡᠷᠲᠡ︾ ᠠᠴᠠ ᠭᠠᠷᠳᠠᠨ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤ ᠲᠣᠰᠬᠤᠨ ᠤ ᠺᠠᠳ᠋ᠷ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠠᠵᠤ ᠦᠶᠯᠡᠰ ᠢᠶᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠡᠷᠭᠡ ᠶᠢ ᠶᠡᠭᠡ ᠪᠠᠷ ᠤᠬᠠᠭᠤᠯᠵᠤ᠂ ᠲᠠᠷᠢᠮᠠᠯ ᠤᠨ ᠨᠥᠬᠦᠪᠥᠷᠢ᠂ ᠲᠠᠷᠢᠶᠠᠨ ᠭᠠᠵᠠᠷ ᠤᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠯᠠᠮᠵᠢᠯᠠᠨ ᠲᠠᠶᠢᠯᠪᠤᠷᠢᠯᠠᠵᠤ᠂ ᠲᠠᠷᠢᠶᠠᠴᠢᠨ ᠡᠷᠦᠬᠡ  ᠶᠢ ᠬᠠᠪᠤᠷ ᠤᠨ ᠲᠠᠷᠢᠶᠠᠯᠠᠭ᠎ᠠ ᠶᠢᠨ ᠴᠠᠭ ᠢ ᠵᠠᠪᠳᠤᠨ᠂ ᠰᠢᠨᠵᠢᠯᠡᠬᠦ ᠤᠬᠠᠭᠠᠨᠴᠢ ᠪᠠᠷ ᠲᠠᠷᠢᠶ᠎ᠠ ᠳᠠᠷᠢᠬᠤ ᠪᠡᠯᠡᠳᠬᠡᠯ ᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠤᠨ ᠢᠳᠡᠪᠬᠢᠵᠢᠯ ᠢ ᠳᠠᠶᠢᠴᠢᠯᠠᠵᠤ᠂ ᠪᠥᠬᠦ ᠪᠠᠯᠭᠠᠰᠤᠨ ᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠶᠯᠡᠳᠪᠦᠷᠢᠯᠡᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ ᠭᠡᠵᠦ ᠤᠷᠢᠶᠠᠯᠠᠪᠠ᠃
   ᠦᠢᠯᠡᠴᠢᠯᠡᠭᠡᠨ ᠤ ᠵᠢᠯᠣᠭᠤᠳᠤᠯᠭ᠎ᠠ ᠪᠠᠨ ᠴᠢᠩᠭᠠᠳᠬᠠᠵᠤ ᠰᠠᠶᠢᠨ ︽ᠦᠢᠯᠡᠴᠢᠯᠡᠭᠴᠢ︾ ᠪᠤᠯᠤᠨ᠎ᠠ    ᠡᠯ᠎ᠡ ᠲᠣᠰᠬᠤᠨ ᠳᠤ ᠮᠡᠷᠭᠡᠵᠢᠯ ᠤᠨ ᠪᠣᠯᠪᠠᠰᠤᠷᠠᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠵᠡᠷᠭᠡ ᠦᠶᠯᠡᠴᠢᠯᠡᠭᠡ ᠥᠷᠨᠢᠭᠦᠯᠵᠦ᠂ ᠣᠳᠣᠬᠠᠨ ᠤ ᠠᠭᠤᠷ ᠠᠮᠢᠰᠬᠤᠯ ᠤᠨ ᠣᠨᠴᠠᠯᠢᠭ ᠲᠤ ᠴᠢᠭᠯᠡᠭᠦᠯᠦᠨ ᠂ ᠲᠠᠷᠢᠶᠠᠴᠢᠨ ᠡᠷᠦᠬᠡ ᠳᠤ ᠬᠠᠪᠤᠷ ᠤᠨ ᠲᠠᠷᠢᠶᠠᠯᠠᠭ᠎ᠠ᠂ ᠪᠣᠷᠲᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠲᠠᠶᠢᠯᠪᠤᠷᠢᠯᠠᠵᠤ᠂ ᠲᠠᠷᠢᠶᠠᠴᠢᠨ ᠡᠷᠦᠬᠡ ᠳᠤ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠶᠳᠪᠦᠷᠢᠯᠡᠵᠦ ᠥᠭᠴᠡᠶ᠂ ᠣᠲᠣ ᠪᠣᠯᠲᠠᠯ᠎ᠠ᠂ ᠪᠥᠬᠦ ᠪᠠᠯᠭᠠᠰᠤ ᠳᠤ ᠲᠠᠷᠢᠶᠠᠯᠠᠩ ᠳᠤ ᠬᠡᠷᠡᠭᠯᠡᠬᠦ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ ᠨᠡᠶᠢᠲᠡ 5 ᠤᠳᠠᠭ᠎ᠠ ᠥᠷᠨᠢᠭᠦᠯᠵᠦ᠂ ᠤᠷᠤᠯᠴᠠᠭᠰᠠᠨ ᠲᠠᠷᠢᠶᠠᠴᠢᠨ ᠡᠷᠦᠬᠡ 350 ᠬᠥᠮᠦᠨ ᠤᠳᠠᠭ᠎ᠠ ᠪᠤᠯᠤᠨ᠎ᠠ᠃ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠬᠤᠷᠰᠢᠶ᠎ᠠ ᠪᠣᠯᠤᠨ ᠲᠠᠷᠢᠶᠠᠯᠠᠩ ᠤᠨ ᠮᠠᠰᠢᠨ ᠤ ᠲᠣᠮᠣ ᠡᠷᠦᠬᠡ ᠳᠤ ᠭᠦᠨᠵᠡᠭᠡᠶᠢᠷᠡᠭᠦᠯᠵᠦ᠂ ᠲᠠᠷᠢᠶᠠᠯᠠᠩ ᠤᠨ ᠮᠠᠰᠢᠨ ᠪᠠᠭᠠᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠮᠡᠷᠭᠡᠵᠢᠯ ᠵᠢᠴᠢ ᠲᠠᠷᠢᠶᠠᠯᠠᠩ ᠤᠨ ᠮᠠᠰᠢᠨ ᠤ ᠠᠶᠤᠯ ᠦᠭᠡᠶ ᠬᠡᠷᠡᠭᠯᠡᠬᠦ ᠶᠢ ᠤᠬᠠᠭᠤᠯᠤᠨ ᠵᠢᠯᠣᠭᠤᠳᠴᠤ᠂ ᠠᠳᠡᠯ ᠤᠨ ᠳᠠᠯᠳᠠ ᠭᠡᠮ ᠢ ᠠᠷᠢᠯᠭᠠᠨ᠂ ᠠᠳᠡᠯ ᠭᠠᠷᠬᠤ ᠶᠢ ᠰᠡᠷᠭᠡᠶᠢᠯᠡᠵᠦ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠬᠠᠮᠤᠭ ᠤᠨ ᠰᠠᠶᠢᠨ ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠯᠴᠠᠬᠤ ᠶᠢ ᠦᠨᠡᠨᠬᠦ ᠪᠠᠲᠤᠯᠠᠵᠤ᠂ ᠲᠠᠷᠢᠶᠠᠯᠠᠩ ᠤᠨ ᠮᠠᠰᠢᠨ ᠤ ᠭᠤᠣᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃
   ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠳᠤᠯᠠᠵᠤ ︽ᠬᠥᠳᠡᠯᠭᠡᠬᠦ ᠬᠦᠴᠦᠨ ᠤ ᠰᠤᠷᠪᠤᠯᠵᠢ︾ ᠶᠢ ᠭᠦᠢᠴᠡᠳ ᠪᠡᠯᠡᠳᠭᠡᠨ᠎ᠡ    ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠲᠠᠷᠢᠶᠠᠯᠠᠩ ᠤᠨ ᠬᠡᠷᠡᠭᠰᠡᠯ ᠤᠷᠢᠳᠠᠪᠠᠷ ᠬᠡᠷᠡᠭᠵᠢᠭᠦᠯᠦᠨ᠎ᠡ᠃ ᠱᠦᠶ ᠴᠢᠤᠸᠠᠨ ᠪᠠᠯᠭᠠᠰᠤ ᠲᠠᠷᠢᠶᠠᠨ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠯᠠᠩ ᠤᠨ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠤᠷᠢᠳᠴᠢᠯᠠᠨ ᠲᠥᠯᠥᠪᠯᠡᠵᠦ᠂ ᠵᠦᠶ ᠵᠣᠬᠢᠰᠲᠠᠶ ᠲᠣᠬᠢᠷᠠᠭᠤᠯᠤᠨ ᠭᠦᠶᠴᠡᠳ‌‍ᠪᠡᠯᠡᠳᠭᠡᠯ ᠬᠢᠵᠡᠢ᠃ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ  ᠨᠢ ᠪᠠᠯᠭᠠᠰᠤᠨ ᠤ ᠬᠤᠲᠠ ᠶᠢᠨ ᠬᠢᠨᠠᠨ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠪᠥᠬᠦ ᠪᠠᠯᠭᠠᠰᠤᠨ ᠤ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠪᠠᠶᠢᠴᠠᠭᠠᠯᠲᠠ ᠬᠢᠵᠦ ᠰᠤᠷᠪᠤᠯᠵᠢᠯᠠᠨ᠂ ᠬᠤᠳᠠᠯᠳᠤᠭᠠᠴᠢᠳ ᠲᠤ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ᠂ ᠲᠠᠷᠢᠶᠠᠯᠠᠩ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠠᠷᠢᠶᠠᠨ ᠡᠮ ᠤᠨ ᠬᠡᠷᠡᠭᠯᠡᠬᠦ ᠶᠢ ᠴᠠᠭᠠᠵᠠᠯᠠᠭᠰᠠᠨ ᠬᠠᠮᠤᠭ ᠤᠨ ᠰᠢᠨ᠎ᠡ ᠨᠡᠷᠡᠰ ᠤᠨ ᠵᠢᠭᠰᠠᠭᠠᠯᠲᠠ ᠶᠢ ᠲᠠᠷᠬᠠᠭᠠᠪᠠ᠃ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ  ᠤᠨ ᠦᠶᠯᠡᠳᠪᠦᠷᠢᠯᠡᠯ ᠤᠨ ᠬᠡᠷᠡᠭᠰᠡᠯ ᠤᠨ ᠦᠶᠯᠡᠳᠬᠦᠨ ᠤ ᠶᠠᠰᠤ ᠴᠢᠨᠠᠷ᠂ ᠱᠣᠰᠢᠭ᠎ᠠ ᠲᠡᠮᠳᠡᠭ᠂ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠪᠠᠶᠢᠳᠠᠯ ᠢ ᠪᠠᠶᠢᠴᠠᠭᠠᠵᠤ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠢ ᠦᠨᠡᠨᠬᠦ ᠪᠠᠲᠤᠯᠠᠵᠤ᠂ ᠲᠠᠷᠢᠶᠠᠯᠠᠬᠤ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠨ᠎ᠠ᠃    ᠪᠦᠷᠢᠳᠬᠡᠯ ᠢ ᠦᠨᠳᠦᠰᠦᠯᠡᠪᠡᠯ᠂ ᠡᠨᠡ ᠵᠢᠯ ᠪᠥᠬᠦ ᠪᠠᠯᠭᠠᠰᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢ 40 ᠲᠦᠮᠡᠨ ᠮᠥ ᠠᠴᠠ ᠳᠡᠭᠡᠭᠰᠢ ᠪᠠᠶᠢᠵᠤ᠂ ᠡᠭᠦᠨ ᠳᠤ ᠡᠷᠳᠡᠨᠢ ᠰᠢᠰᠢ ᠶᠢᠨ ᠳᠠᠷᠢᠬᠤ ᠲᠠᠯᠠᠪᠠᠶ ᠨᠢ 31 ᠲᠦᠮᠡᠨ ᠮᠥ ᠣᠷᠴᠢᠮ᠂ ᠰᠢᠰᠢ ᠨᠢ 7 ᠲᠦᠮᠡᠨ ᠮᠥ ᠣᠷᠴᠢᠮ ᠪᠣᠯᠤᠨ᠎ᠠ᠃ ᠣᠳᠣᠬᠠᠨ ᠪᠣᠯᠲᠠᠯ᠎ᠠ᠂ ᠦᠷ᠎ᠡ ᠶᠢᠨ ᠨᠥᠭᠡᠴᠡ  ᠶᠢᠨ ᠬᠡᠮᠵᠢᠶ᠎ᠡ 225 ᠲᠣᠨ ︵ᠪᠣᠳᠠᠲᠤ ᠪᠣᠳᠠᠰ ᠤᠨ ᠬᠡᠮᠵᠢᠶ᠎ᠡ︶᠂ ᠬᠢᠮᠢ ᠶᠢᠨ ᠪᠣᠷᠳᠣᠭᠤᠷ ᠤᠨ ᠨᠥᠭᠡᠴᠡ ᠶᠢᠨ ᠬᠡᠮᠵᠢᠶ᠎ᠡ 1 . 1 ᠲᠦᠮᠡᠨ ᠲᠣᠨ ︵ᠪᠣᠳᠠᠲᠤ ᠪᠣᠳᠠᠰ ᠤᠨ ᠬᠡᠮᠵᠢᠶ᠎ᠡ︶ ᠪᠠᠶᠢᠵᠤ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠨᠥᠭᠡᠴᠡ ᠭᠦᠢᠴᠡᠳ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号