ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ  ᠤ ᠬᠤᠷᠢᠶᠠᠨ ᠤ ᠪᠠᠶᠢᠩᠭᠤ ᠶᠢᠨ ᠬᠤᠷᠢᠶ᠎ᠠ ᠵᠠᠭᠤ ᠪᠥᠭᠡᠳ ᠭᠤᠷᠪᠠᠳᠤᠭᠠᠷ ᠬᠤᠷᠠᠯ ᠵᠢᠴᠢ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠶᠠᠨ ᠤ 2025 ᠣᠨ ᠤ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
   3 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠠᠭᠤ ᠪᠦᠭᠡᠳ ᠭᠤᠷᠪᠠᠳᠤᠭᠠᠷ ᠬᠤᠷᠠᠯ ᠵᠢᠴᠢ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠶᠠᠨ ᠤ 2025 ᠣᠨ ᠤ ᠬᠤᠶᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠥᠬᠦᠶ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠵᠦ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠥᠨᠳᠥᠷ ᠳᠠᠪᠲᠠᠮᠵᠢ ᠪᠠᠷ ᠠᠰᠠᠭᠤᠳᠠᠯ ᠢ ᠢᠯᠡᠷᠡᠭᠦᠯᠵᠦ᠂ ᠥᠨᠳᠥᠷ ᠦᠷ᠎ᠡ ᠪᠦᠲᠦᠮᠵᠢᠲᠡᠶ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠥᠩᠭᠡᠷᠡᠭᠰᠡᠨ ᠵᠢᠯ  ᠤᠳ ᠤᠨ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠴᠠᠭ ᠢ ᠠᠮᠵᠢᠨ ᠴᠡᠭᠴᠡᠯᠡᠨ ᠰᠠᠶᠢᠵᠢᠷᠠᠭᠤᠯᠤᠯᠲᠠ ᠶᠢᠨ ᠳ᠋ᠤᠭᠠᠷ ᠢ ᠬᠠᠰᠤᠬᠤ ᠶᠢ ᠠᠬᠢᠭᠤᠯᠬᠤ ᠬᠡᠷᠡᠭᠲᠡᠢ᠃ ᠳᠡᠭᠡᠳᠦ ᠱᠠᠲᠤᠨ ᠤ ᠠᠩᠬᠠᠷᠴᠤ ᠪᠠᠶᠢᠭ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠤᠯᠳᠠᠯᠭ᠎ᠠ ᠶᠢ ᠴᠢᠩᠭ᠎ᠠ ᠠᠳᠬᠤᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ᠂ ᠨᠠᠷᠢᠯᠢᠭ᠂ ᠭᠦᠨᠵᠡᠭᠡᠶ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠣᠷᠣᠨ ᠦᠯᠡᠳᠡᠭᠡᠬᠦ ᠥᠬᠡᠶ᠂ ᠠᠰᠠᠭᠤᠳᠠᠯ ᠭᠠᠷᠭᠠᠬᠤ ᠥᠬᠡᠶ ᠪᠠᠶᠢᠬᠤ  ᠶᠢ ᠦᠨᠡᠨ ᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭ᠎ᠠ ᠠᠳᠬᠤᠵᠤ ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠠᠵᠢᠯᠯᠠᠭᠠᠨ ᠢ ᠬᠦᠴᠦᠲᠡᠶ ᠲᠣᠬᠢᠷᠠᠭᠤᠯᠵᠤ᠂ ᠳᠠᠯᠳᠠ ᠬᠦᠴᠦᠨ ᠢ ᠠᠭᠤᠳᠠᠯᠬᠤ ᠡᠷᠴᠢᠮ ᠢ ᠴᠢᠩᠭᠠᠷᠠᠭᠤᠯᠵᠤ᠂ ᠨᠢᠭᠡᠳᠦᠭᠡᠷ ᠤᠯᠠᠷᠢᠯ ᠳᠤ ᠡᠯ᠎ᠡ ᠵᠦᠶᠯ ᠤᠨ ᠭᠦᠶᠴᠡᠳᠬᠡᠯ ᠲᠤᠭ᠎ᠠ ᠶᠢ ᠪᠦᠬᠦᠨ ᠢ ᠨᠢᠭᠡᠳᠬᠡᠬᠦ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠵᠦᠶᠯ ᠤᠨ ᠠᠵᠢᠯ ᠢ ᠡᠷᠴᠢᠮᠲᠡᠶ ᠡᠮᠬᠢ ᠵᠢᠷᠤᠮ ᠲᠠᠢ ᠰᠠᠶᠢᠲᠤᠷ ᠬᠢᠵᠦ᠂ ᠡᠯ᠎ᠡ ᠬᠦᠷᠢᠶᠡᠨ ᠤ ᠲᠥᠷᠥᠯ ᠵᠦᠶᠯ ᠢ ᠴᠢᠳᠠᠬᠤ ᠶᠢᠨ ᠬᠢᠷᠢ ᠪᠠᠷ ᠡᠬᠢᠯᠡᠭᠦᠯᠵᠦ᠂ ᠪᠦᠬᠦᠨ ᠢ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠠᠮᠤᠷ ᠲᠦᠪᠰᠢᠨ ᠲᠣᠭᠲᠠᠭᠤᠨ ᠤ ᠠᠵᠢᠯ ᠢ ᠴᠢᠩᠭ᠎ᠠ ᠬᠦᠴᠦᠲᠡᠶ ᠰᠠᠶᠢᠲᠤᠷ ᠠᠳᠬᠤᠵᠤ᠂ ᠠᠶᠤᠯᠭᠦᠶ ᠦᠶᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠩᠭᠤᠶ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠶᠢ ᠡᠭᠦᠳᠬᠦ ᠬᠢᠯᠠᠰ ᠴᠡᠭ ᠤᠨ ᠠᠵᠢᠯ ᠢ ᠬᠦᠴᠦᠲᠡᠢ ᠲᠥᠯᠥᠪᠵᠢᠭᠦᠯᠵᠦ᠂ ︽ᠬᠥᠮᠦᠨ ᠦᠭᠡᠢ ᠪᠣᠯ ᠪᠢ ᠪᠠᠶᠢᠬᠤ᠂ ᠬᠥᠮᠦᠨ ᠪᠠᠶᠢᠪᠠᠯ ᠪᠢ ᠰᠢᠯᠢᠳᠡᠭ᠂ ᠬᠥᠮᠦᠨ ᠰᠢᠯᠢᠳᠡᠭ ᠪᠣᠯ ᠪᠢ ᠨᠠᠷᠢᠯᠢᠭ᠂ ᠨᠢᠭᠲᠠ ᠠᠴᠠ ᠨᠢᠭᠲᠠ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠨᠠᠮ ᠢ ᠴᠢᠩᠭ᠎ᠠ ᠬᠠᠮᠢᠶᠠᠷᠤᠨ ᠴᠢᠩᠭ᠎ᠠ ᠵᠠᠰᠠᠵᠤ᠂ ︽ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ᠂ ᠥᠨᠳᠥᠷ ᠪᠦᠲᠦᠮᠵᠢᠲᠡᠢ︾ ᠤᠳᠤᠷᠢᠳᠬᠤ ᠪᠠᠭ ᠤᠨ ᠪᠠᠶᠢᠭᠤᠯᠤᠯᠲᠠ ᠶᠢ ᠪᠠᠷᠢᠮᠲᠠᠯᠠᠵᠤ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠳᠠᠶᠢᠴᠢᠯᠠᠵᠤ᠂ ᠪᠦᠬᠦ ᠰᠢᠶᠠᠨ ᠤ ᠺᠠᠳ᠋ᠷᠴᠤᠳ  ᠲᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠶᠡᠭᠡ ᠨᠠᠮ ᠤᠨ ᠪᠠᠶᠢᠭᠤᠯᠤᠯᠲᠠ᠂ ᠶᠡᠭᠡ ᠪᠠᠶᠢᠷᠢᠰᠢᠯ ᠢ ᠪᠦᠬᠦ ᠲᠠᠯ᠎ᠠ  ᠪᠠᠷ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠠᠵᠢᠯ ᠢ ᠬᠦᠳᠦᠯᠥᠨ ᠳᠠᠭᠠᠭᠤᠯᠬᠤ ᠶᠢ ᠰᠢᠰᠲ᠋ᠧᠮ ᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠬᠠᠪᠰᠤᠷᠤᠨ ᠠᠬᠢᠭᠤᠯᠬᠤ ᠬᠡᠷᠡᠭᠲᠡᠢ᠃    ᠪᠠᠶᠢᠩᠭᠤ ᠶᠢᠨ ᠬᠤᠷᠢᠶᠠᠨ ᠤ ᠬᠤᠷᠠᠯ ᠲᠡᠭᠦᠰᠦᠭᠰᠡᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ  ᠤᠨ ᠲᠦᠴᠢᠦᠸᠠᠨ ᠰᠢᠶᠠᠨ ᠤ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号