ᠬᠠᠬᠢᠷ ᠡᠪᠦᠯ ᠥᠩᠭᠡᠷᠡᠵᠦ᠂ ᠬᠠᠪᠤᠷ ᠡᠬᠡ ᠭᠠᠵᠠᠷ ᠲᠤ ᠪᠤᠴᠠᠨ᠎ᠠ᠃ ᠡᠨᠡᠬᠦ ᠲᠦᠮᠡᠨ ᠪᠣᠳᠠᠰ ᠠᠮᠢᠯᠠᠨ ᠰᠡᠷᠭᠦᠵᠦ᠂ | ᠤᠷᠢᠬᠠᠨ ᠰᠠᠯᠬᠢ ᠢᠯᠪᠢᠭᠰᠡᠨ ᠤᠯᠠᠷᠢᠯ ᠳᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠪᠤᠤ ᠱᠢ ᠪᠠᠯᠭᠠᠰᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ | ᠤᠨ ᠠᠷᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶ ᠰᠢᠭᠤᠶ ᠶᠢᠨ ᠬᠠᠮᠠᠭᠠᠯᠠᠯᠲᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠢ | ᠪᠠᠲᠤ ᠪᠠᠬᠢ ᠪᠣᠶ ᠪᠣᠯᠭᠠᠪᠠ᠃ | | ᠪᠥᠬᠦ ᠪᠠᠯᠭᠠᠰᠤᠨ ᠤ ᠺᠠᠳ᠋ᠷ ᠭᠠᠴᠠᠭ᠎ᠠ ᠲᠣᠰᠬᠤᠨ ᠢ ᠲᠠᠭᠠᠭᠠᠴᠢᠯᠠᠨ ᠴᠠᠭ ᠲᠤᠬᠠᠶ ᠳᠤᠨᠢ ᠬᠥᠳᠡᠭᠡ ᠪᠠᠭᠤᠵᠤ | ᠬᠢᠨᠠᠨ ᠵᠢᠯᠣᠭᠤᠳᠴᠤ᠂ ᠲᠣᠰᠬᠤᠨ ᠤ ᠺᠠᠳ᠋ᠷ ᠡᠭᠡᠯᠵᠢᠯᠡᠨ ᠵᠢᠵᠢᠭᠦᠷᠯᠡᠵᠦ᠂ ᠣᠶ ᠰᠢᠭᠤᠶ ᠬᠠᠮᠠᠭᠠᠯᠠᠭᠴᠢ ᠪᠦᠭᠦᠳᠡᠭᠡᠷ | ᠢᠶᠠᠨ ᠠᠵᠢᠯ ᠤᠨ ᠪᠠᠶᠢᠷᠢ ᠳᠤ ᠭᠠᠷᠴᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠰᠡᠳᠬᠢᠯ ᠢᠶᠠᠷ ᠢᠶᠠᠨ | ᠠᠷᠢᠯᠭᠠᠵᠤ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢ ᠡᠷᠦᠬᠡ ᠬᠥᠮᠦᠨ ᠳᠤ ᠬᠦᠷᠲᠡᠯ᠎ᠡ ᠬᠢᠪᠠ᠃ | ︽ᠳᠠᠯᠳᠠ ᠬᠡᠮ ᠰᠣᠭᠤᠭ ᠨᠢ ᠢᠯᠡ ᠭᠠᠯ ᠠᠴᠠ ᠶᠡᠭᠡ᠂ ᠰᠡᠷᠭᠡᠶᠢᠯᠡᠬᠦ ᠨᠢ ᠭᠠᠮᠰᠢᠭ ᠠᠴᠠ ᠠᠪᠤᠷᠬᠠᠤ ᠠᠴᠠ | ᠴᠢᠬᠤᠯᠠ︾ ᠪᠤᠤ ᠱᠢ ᠪᠠᠯᠭᠠᠰᠤᠨ ᠤ ᠣᠶ ᠰᠢᠭᠤᠶ ᠶᠢᠨ ᠥᠷᠲᠡᠭᠡ ᠶᠢᠨ ᠠᠵᠢᠯᠲᠠᠨ᠂ ᠬᠥᠳᠡᠭᠡ ᠪᠠᠭᠤᠵᠤ ᠡᠷᠦᠬᠡ | ᠳᠤ ᠣᠷᠣᠵᠤ᠂ ᠢᠯᠡ ᠲᠣᠳᠣ᠂ ᠠᠮᠠᠷᠬᠠᠨ ᠨᠣᠴᠣᠬᠤ ᠭᠠᠵᠠᠷ ᠲᠤ ᠴᠥᠮ ᠤᠷᠢᠶ᠎ᠠ ᠯᠣᠽᠦ᠋ᠩ ᠲᠠᠢ ᠲᠤᠭ ᠢ | ᠳᠦᠭᠦᠷᠲᠡᠯ᠎ᠡ ᠬᠠᠳᠬᠤᠵᠤ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠭᠠᠵᠠᠷ ᠪᠣᠯᠭᠠᠨ ᠳᠤ ᠬᠠᠷᠠᠭᠤᠯᠵᠠᠶ᠃ | | ︽ᠣᠶ ᠰᠢᠭᠤᠶ ᠶᠢ ᠬᠠᠮᠠᠭᠠᠯᠠᠵᠤ ᠭᠠᠯ ᠢ ᠰᠡᠷᠭᠡᠶᠢᠯᠡᠬᠦ ᠪᠣᠯ ᠮᠠᠰᠢ ᠴᠢᠬᠤᠯᠠ ᠶᠤᠮ᠂ ᠭᠠᠯ ᠰᠡᠷᠭᠡᠶᠢᠯᠡᠬᠦ ᠮᠡᠳᠡᠯᠭᠡ | ᠶᠢ ᠪᠢ ᠮᠡᠳᠡᠨ᠎ᠡ︾ ᠣᠶᠢᠷ᠎ᠠ ᠳᠤ᠂ ᠲᠦᠴᠢᠦᠸᠠᠨ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠤᠤ | ᠱᠢ ᠪᠠᠯᠭᠠᠰᠤᠨ ᠳᠤ ᠬᠦᠷᠴᠦ ᠣᠶ ᠰᠢᠭᠤᠶ ᠬᠠᠮᠠᠭᠠᠯᠠᠭᠴᠢ ᠶᠢᠨ ᠪᠤᠯᠪᠠᠰᠤᠷᠠᠯ ᠤᠨ ᠬᠤᠷᠠᠯ ᠬᠢᠵᠦ᠂ ᠭᠠᠯ | ᠰᠡᠷᠭᠡᠶᠢᠯᠡᠵᠦ ᠭᠠᠮᠰᠢᠭ ᠠᠴᠠ ᠠᠪᠤᠷᠬᠠᠤ ᠮᠡᠳᠡᠯᠭᠡ ᠶᠢ ᠲᠦᠭᠡᠮᠡᠯᠵᠢᠭᠦᠯᠵᠦ᠂ ᠣᠶ ᠰᠢᠭᠤᠶ ᠬᠠᠮᠠᠭᠠᠯᠠᠭᠴᠢ ᠳᠤ ᠦᠨᠡᠨ | ᠪᠣᠳᠠᠲᠠᠶ ᠶᠢ ᠮᠡᠳᠡᠭᠦᠯᠵᠦ᠂ ᠲᠡᠭᠦᠨ ᠤ ᠤᠴᠢᠷ ᠰᠢᠯᠲᠠᠭᠠᠨ ᠢ ᠨᠠᠩ ᠲᠣᠳᠣᠷᠬᠠᠶ ᠮᠡᠳᠡᠭᠦᠯᠬᠦ ᠪᠠᠷ ᠵᠣᠷᠢᠯᠭ᠎ᠠ ᠪᠣᠯᠭᠠᠵᠠᠶ᠃ | ᠣᠶ ᠰᠢᠭᠤᠶ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠶᠢᠨ ᠬᠠᠮᠲᠤ ᠭᠠᠯ ᠤᠨ ᠠᠶᠤᠯ ᠢ ᠰᠡᠷᠭᠡᠶᠢᠯᠡᠬᠦ ᠪᠠ | ᠲᠦᠷᠭᠡᠨ ᠠᠪᠤᠷᠠᠬᠤ ᠲᠤᠬᠠᠶ ᠨᠡᠩ ᠣᠯᠠᠨ ᠮᠡᠳᠡᠯᠭᠡ ᠶᠢ ᠤᠶᠢᠯᠠᠭᠠᠵᠠᠢ᠃ | | ᠪᠤᠤ ᠱᠢ ᠪᠠᠯᠭᠠᠰᠤ ︽ᠰᠡᠷᠭᠡᠶᠢᠯᠡᠬᠦ ᠪᠠᠷ ᠭᠤᠤᠯ ᠪᠣᠯᠭᠠᠵᠤ᠂ ᠢᠳᠡᠪᠬᠢᠲᠡᠶ ᠤᠰᠠᠳᠬᠠᠬᠤ︾ ᠣᠶ ᠰᠢᠭᠤᠶ ᠶᠢᠨ | ᠭᠠᠯ ᠰᠡᠷᠭᠡᠶᠢᠯᠡᠬᠦ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠭᠠᠯ ᠰᠡᠷᠭᠡᠶᠢᠯᠡᠬᠦ ᠲᠥᠰᠦᠪ ᠢ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠥᠷᠨᠢᠭᠦᠯᠦᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠤᠬᠠᠮᠰᠠᠷ ᠠᠴᠠ ᠪᠠᠨ | ᠰᠠᠨᠠᠭᠠᠴᠢᠯᠠᠭ᠎ᠠ ᠠᠴᠠ ᠪᠠᠨ ᠤᠷᠤᠯᠴᠠᠭᠤᠯᠤᠨ᠎ᠠ᠃ |