︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠯᠠᠮᠵᠢᠯᠠᠬᠤ ᠠᠶᠠᠯᠠᠯ︾ ᠤᠨ ᠠᠵᠢᠯᠯᠠᠭ᠎ᠠ ᠲᠦᠴᠢᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/13
   3 ᠳ᠋ᠤᠭᠠᠷ ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ 2025 ᠣᠨ ᠤ ᠥᠪᠥᠷ ᠮᠣᠩᠭᠤᠯ  ᠤᠨ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠯᠠᠮᠵᠢᠯᠠᠬᠤ ᠠᠶᠠᠯᠠᠯ︾ ᠬᠠᠪᠤᠷ ᠤᠨ ᠤᠯᠠᠷᠢᠯ ᠤᠨ ᠠᠵᠢᠯᠯᠠᠭ᠎ᠠ ᠲᠦᠴᠢᠦᠸᠠᠨ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠲᠣᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠪᠠ ᠡᠮ  ᠤᠨ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠪᠠᠷ ᠭᠤᠤᠯ ᠰᠡᠳᠦᠪ ᠪᠣᠯᠭᠠᠵᠤ᠂ ᠤᠯᠤᠰ ᠤᠨ ᠬᠤᠶᠠᠳᠤᠭᠠᠷ ᠳᠡᠰ  ᠤᠨ ᠰᠡᠳᠬᠢᠴᠡ ᠶᠢᠨ ᠵᠥᠪᠯᠡᠯᠭᠡ ᠥᠭᠭᠦᠭᠴᠢ᠂ ᠬᠢᠩᠭᠠᠨ ᠠᠶᠢᠮᠠᠭ ᠤᠨ ᠰᠡᠳᠬᠢᠴᠡ ᠶᠢᠨ ᠵᠥᠪᠯᠡᠯᠭᠡ ᠥᠭᠭᠦᠭᠴᠢ ᠶᠢᠨ ᠨᠡᠶᠢᠭᠡᠮᠯᠢᠭ ᠤᠨ ᠳᠠᠷᠤᠭ᠎ᠠ ᠯᠢᠨ ᠰᠢᠶᠠ ᠢᠤᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ  ᠤᠨ ᠭᠤᠶᠣ ᠡᠮ ᠨᠠᠶᠢᠷᠠᠭᠴᠢ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠭᠤᠤᠯᠯᠠᠨ ᠬᠠᠮᠢᠶᠠᠷᠤᠭᠴᠢ ᠡᠮ ᠨᠠᠶᠢᠷᠠᠭᠴᠢ ᠰᠢᠤᠸᠠᠢ ᠰᠢᠶᠤᠤ ᠭᠤᠸᠠᠩ ᠢ ᠤᠷᠢᠵᠤ᠂ ᠲᠦᠴᠢᠦᠸᠠᠨ ᠰᠢᠶᠠᠨ ᠤ ᠬᠡᠰᠡᠭ ᠰᠤᠷᠭᠠᠭᠤᠯᠢ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮᠵᠢᠯᠠᠨ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠪᠠ᠃
   ︽ᠲᠠᠶᠢᠯᠤᠮᠵᠢ ᠨᠢ ᠨᠠᠳᠠ ᠳᠤ ᠰᠦᠯᠵᠢᠶᠡᠨ ᠤ ᠥᠳᠥᠭᠡᠯᠭᠡ ᠶᠢ ᠬᠡᠷᠬᠢᠨ ᠬᠤᠷᠢᠭᠯᠠᠬᠤ᠂ ᠬᠤᠪᠢ ᠬᠥᠮᠦᠨ ᠤ ᠨᠢᠭᠤᠴᠠ ᠶᠢ ᠬᠡᠷᠬᠢᠨ ᠬᠠᠮᠠᠭᠠᠯᠠᠬᠤ ᠵᠡᠷᠭᠡ ᠬᠡᠷᠡᠭᠯᠡᠭᠡᠨ ᠤ ᠤᠷ᠎ᠠ ᠮᠡᠷᠭᠡᠵᠢᠯ ᠢ ᠰᠤᠷᠭᠠᠵᠤ᠂ ᠪᠠᠰᠠ ᠬᠦᠴᠢᠷ ᠪᠡᠷᠬᠡᠰᠢᠶᠡᠯ ᠤᠨ ᠡᠮᠦᠨ᠎ᠡ ᠢᠳᠡᠪᠬᠢᠲᠡᠢ ᠣᠪᠣᠷ ᠢᠶᠠᠷ ᠬᠠᠨᠳᠤᠬᠤ ᠶᠢ ᠰᠤᠷᠴᠤ᠂ ᠮᠠᠨ ᠤ ᠰᠤᠷᠤᠭᠴᠢᠳ ᠲᠤ ᠠᠪᠴᠤ ᠬᠡᠯᠡᠪᠡᠯ ᠮᠠᠰᠢ ᠶᠡᠭᠡ ᠠᠰᠢᠭ ᠬᠦᠷᠲᠡᠭᠡᠵᠡᠢ᠃︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠸᠠᠩ ᠰᠢᠨ ᠶᠠ ᠬᠡᠯᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠨᠡᠶᠢᠲᠡ 6 ᠤᠳᠠᠭ᠎ᠠ ᠥᠷᠨᠢᠭᠦᠯᠵᠦ᠂ 1000 ᠭᠠᠷᠤᠶ ᠬᠥᠮᠦᠨ ᠭᠥᠯᠢᠶᠡᠨ ᠠᠪᠴᠠᠶ᠃ ᠠᠵᠢᠯᠯᠠᠭ᠎ᠠ ᠶᠢᠨ ᠵᠣᠷᠢᠯᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠨ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号