ᠰᠣᠶᠣᠯ ᠵᠢᠭᠤᠯᠴᠢᠯᠠᠯ ᠤᠨ ᠠᠵᠤ ᠦᠶᠯᠡᠰ ᠨᠢ ᠲᠦᠴᠢᠦᠸᠠᠨ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ | ᠴᠢᠬᠤᠯᠠ ᠨᠡᠷ᠎ᠡ ᠶᠢᠨ ᠬᠠᠭᠤᠳᠠᠰᠤ ᠪᠣᠯᠤᠭᠰᠠᠨ ᠤ ᠬᠤᠪᠢ ᠳᠤ᠂ ᠠᠵᠤ ᠠᠬᠤᠶ ᠶᠢᠨ ᠨᠡᠮᠡᠭᠳᠡᠯ ᠢ ᠠᠬᠢᠭᠤᠯᠬᠤ᠂ | ᠲᠡᠦᠬᠡ ᠰᠣᠶᠣᠯ ᠢ ᠵᠠᠯᠭᠠᠮᠵᠢᠯᠠᠬᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠵᠠᠩᠭᠢᠯᠠᠭ᠎ᠠ | ᠶᠢᠨ ᠦᠶᠯᠡᠳᠦᠯ ᠦᠵᠡᠭᠦᠯᠵᠦ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠣᠷᠣᠨ ᠵᠠᠶ ᠶᠢ ᠭᠦᠨᠵᠡᠭᠡᠶᠢᠷᠡᠭᠦᠯᠦᠨ ᠥᠷᠭᠡᠳᠬᠡᠵᠦ᠂ ︽ᠰᠣᠶᠣᠯ | ᠵᠢᠭᠤᠯᠴᠢᠯᠠᠯ ᠤᠨ ᠤᠷᠤᠰᠴᠠ︾ ᠶᠢ ᠨᠠᠩ ᠣᠯᠠᠨ ︽ᠬᠡᠷᠡᠭᠯᠡᠭᠡᠨ ᠤ ᠨᠡᠮᠡᠭᠳᠡᠯ︾ ᠪᠣᠯᠭᠠᠨ ᠬᠤᠪᠢᠷᠠᠭᠤᠯᠪᠠ᠃ | | ᠮᠥᠰᠥ ᠴᠠᠰᠤᠨ ᠤ ᠠᠵᠤ ᠠᠬᠤᠶ ᠶᠠᠭ ᠦᠷᠨᠢᠵᠦ ᠪᠠᠶᠢᠨ᠎ᠠ | ᠣᠶᠢᠷ᠎ᠠ ᠳᠤ᠂ ︽ᠬᠢᠩᠭᠠᠨ ᠠᠶᠢᠮᠠᠭ ᠤᠨ ᠬᠠᠪᠤᠷ ᠤᠨ ᠮᠥᠰᠥ ᠴᠠᠰᠤᠨ ᠤ ᠤᠯᠠᠷᠢᠯ︾ ᠤᠨ ᠲᠦᠴᠢᠦᠸᠠᠨ | ᠰᠢᠶᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠮᠥᠰᠥ ᠴᠠᠰᠤᠨ ᠤ ᠰᠣᠨᠢᠷᠬᠠᠯᠲᠤ | ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠵᠦ᠂ ᠴᠠᠰᠤᠨ ᠳᠡᠭᠡᠷᠡᠬᠢ ᠪᠤᠤᠯᠢᠩ ᠪᠥᠮᠪᠦᠭᠡ᠂ ᠴᠠᠰᠤᠨ ᠳᠡᠭᠡᠷᠡᠬᠢ | ᠰᠠᠬᠤᠯᠢᠭ ᠬᠤᠷᠣᠬᠠᠶ᠂ ᠴᠠᠰᠤᠨ ᠳᠡᠭᠡᠷ᠎ᠡ ᠮᠣᠳᠣ ᠣᠷᠢᠶᠠᠵᠤ ᠭᠦᠶᠦᠬᠦ᠂ ᠴᠠᠰᠤᠨ ᠳᠡᠭᠡᠷ᠎ᠡ ᠶᠠᠪᠠᠭᠠᠨ ᠠᠯᠬᠤᠬᠤ ᠵᠡᠷᠭᠡ | ᠣᠯᠠᠨ ᠤᠷᠤᠯᠳᠤᠭᠠᠨ ᠤ ᠲᠥᠷᠥᠯ ᠵᠦᠶᠯ ᠨᠢ ᠣᠯᠠᠨ ᠲᠦᠮᠡᠨ ᠤ ᠮᠥᠰᠥ ᠴᠠᠰᠤᠨ ᠤ ᠬᠠᠯᠠᠭᠤᠨ ᠰᠡᠳᠬᠢᠯᠭᠡ ᠶᠢ | ᠬᠥᠭᠵᠢᠭᠡᠵᠦ᠂ ᠪᠥᠬᠦ ᠤᠷᠤᠯᠳᠤᠭᠠᠨ ᠤ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠠᠭᠤᠷ | ᠠᠮᠢᠰᠬᠤᠯ ᠤᠳᠠᠭ᠎ᠠ ᠳᠠᠷᠠᠭᠠᠯᠠᠨ ᠣᠷᠭᠢᠯ ᠳᠠᠭᠠᠨ ᠲᠤᠯᠪᠠ᠃ | | ︽ᠪᠢ ᠰᠠᠶ᠋ᠢ ᠴᠠᠰᠤᠨ ᠳᠡᠭᠡᠷᠡᠬᠢ ᠪᠤᠤᠯᠢᠩ ᠪᠥᠮᠪᠦᠭᠡ ᠴᠣᠬᠢᠵᠤ᠂ ᠲᠦᠷ ᠴᠠᠭ ᠤᠨ ᠬᠠᠮᠳᠤ ᠨᠥᠬᠦᠳ ᠲᠠᠢ ᠪᠠᠨ | ᠨᠡᠯᠢᠶᠡᠳ ᠰᠠᠶᠢᠨ ᠬᠠᠮᠵᠢᠯᠴᠠᠪᠠ᠂ ᠡᠶᠢᠮᠦᠷᠭᠦᠤ ᠮᠥᠰᠥ ᠴᠠᠰᠤᠨ ᠤ ᠬᠥᠳᠡᠯᠭᠡᠭᠡᠨ ᠨᠢ ᠨᠡᠯᠢᠶᠡᠳ ᠰᠠᠶᠢᠨ᠂ ᠮᠢᠨᠦ | ᠪᠠᠴᠢᠮ ᠶᠠᠭᠠᠷᠠᠤ ᠠᠵᠢᠯ ᠤᠨ ᠪᠠᠶᠢᠳᠠᠯ ᠢ ᠲᠠᠢᠪᠤᠰᠢᠷᠠᠭᠤᠯᠵᠤ ᠴᠢᠳᠠᠨ᠎ᠠ᠃︾ ᠭᠡᠵᠦ ᠬᠢᠷᠢᠨ ᠮᠤᠵᠢ ᠶᠢᠨ ᠪᠠᠶᠢᠴᠧᠩ | ᠬᠤᠳᠠ ᠶᠢᠨ ᠵᠤᠭᠠᠴᠠᠭᠴᠢ ᠯᠢ ᠬᠤᠤ ᠴᠧᠨ ᠬᠡᠯᠡᠪᠡ᠃ | | ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠬᠠᠶᠢᠷᠬᠠᠨ ᠮᠥᠨ ᠴᠦ ᠠᠯᠳᠠᠨ ᠮᠥᠩᠭᠦᠨ ᠠᠭᠤᠯᠠ ᠮᠥᠨ᠂ | ᠲᠦᠴᠢᠦᠸᠠᠨ ᠰᠢᠶᠠᠨ ᠤᠯᠠᠨ ᠠᠴᠠ ᠬᠡᠲᠦᠶᠢᠳᠦᠭᠰᠡᠨ ᠬᠥᠭᠵᠢᠯᠲᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠮᠥᠰᠥ | ᠴᠠᠰᠤᠨ ᠤ ᠠᠵᠤ ᠠᠬᠤᠢ ᠶᠢᠨ ᠤᠷᠤᠯᠳᠤᠭᠠᠨ ᠤ ᠵᠠᠮ ᠢ ᠲᠣᠭᠲᠠᠭᠠᠵᠤ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠠᠵᠤ ᠦᠢᠯᠡᠰ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ︽ᠮᠥᠰᠥ ᠴᠠᠰᠤ + ᠤᠷᠤᠯᠳᠤᠭᠠᠨ | + ᠰᠤᠳᠤᠯᠤᠨ ᠰᠤᠷᠤᠯᠴᠠᠬᠤ + ᠲᠣᠭᠯᠠᠯᠲᠠ︾ ᠵᠡᠷᠭᠡ ᠲᠦᠷᠪᠡᠨ ᠴᠦᠯᠭᠡ ᠶᠢᠨ ᠵᠠᠭᠪᠤᠷ ᠢ ᠪᠤᠢ ᠪᠣᠯᠭᠠᠵᠤ᠂ ︽ | ᠬᠦᠢᠳᠡᠨ ᠡᠬᠢ ᠪᠠᠶᠠᠯᠢᠭ︾ ᠢᠶᠠᠷ ︽ᠬᠠᠯᠠᠭᠤᠨ ᠠᠵᠤ ᠠᠬᠤᠢ︾ ᠶᠢ ᠳᠠᠶᠢᠴᠢᠯᠠᠬᠤ ᠪᠠᠷ ᠴᠢᠷᠮᠠᠶᠢᠵᠤ᠂ ᠬᠥᠬᠡᠮᠳᠦᠭ | ᠨᠣᠭᠤᠭᠠᠨ ᠠᠭᠤᠯᠠ ᠤᠰᠤ᠂ ᠮᠥᠰᠥ ᠴᠠᠰᠤᠨ ᠳᠤ ᠬᠤᠴᠢᠭᠳᠠᠭᠰᠠᠨ ᠭᠠᠵᠠᠷ ᠢ ᠦᠨᠡᠨ ᠬᠦ ᠠᠷᠠᠳ ᠢ ᠪᠠᠶᠠᠵᠢᠭᠤᠯᠤᠨ | ᠰᠢᠶᠠᠨ ᠢ ᠬᠦᠴᠦᠷᠬᠡᠭᠵᠢᠭᠦᠯᠬᠦ᠂ ᠠᠷᠠᠳ ᠤᠯᠠᠨ ᠳᠤ ᠪᠤᠶᠠᠨ ᠦᠢᠯᠡᠳᠬᠦ ᠠᠯᠳᠠ ᠮᠥᠩᠭᠦᠨ ᠠᠭᠤᠯᠠ ᠪᠣᠯᠭᠠᠨ | ᠬᠤᠪᠢᠷᠠᠭᠤᠯᠪᠠ᠃ ᠣᠳᠣᠬᠠᠨ ᠪᠣᠯᠲᠠᠯ᠎ᠠ᠂ ︽ᠥᠪᠥᠷ ᠮᠣᠩᠭᠤᠯ ᠢᠶᠠᠷ ᠲᠠᠭᠤᠯᠠᠨ ᠵᠢᠭᠤᠯᠴᠢᠯᠠᠬᠤ︾ ᠭᠤᠷᠪᠠᠨ ᠮᠤᠵᠢ | ᠨᠢᠭᠡ ᠲᠣᠭᠤᠷᠢᠭ ᠤᠨ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠬᠤᠯᠪᠣᠭᠠᠲᠤ ᠤᠷᠤᠯᠳᠤᠭᠠᠨ᠂ ᠣᠯᠠᠨ ᠨᠡᠶᠢᠲᠡ | ᠶᠢᠨ ᠮᠥᠰᠥ ᠴᠠᠰᠤᠨ ᠤ ᠤᠯᠠᠷᠢᠯ ᠤᠨ ᠴᠠᠨᠠᠯᠠᠯᠳᠠ ᠶᠢᠨ ᠤᠷᠤᠯᠳᠤᠭᠠᠨ ᠵᠡᠷᠭᠡ 10 ᠭᠠᠷᠤᠶ ᠨᠠᠷᠠᠲᠤ ᠲᠥᠷᠥᠯ | ᠲᠡᠮᠳᠡᠭᠲᠦ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ 2024 ᠣᠨ ᠳᠤ᠂ ᠮᠥᠰᠥ ᠴᠠᠰᠤᠨ ᠤ ᠤᠯᠠᠷᠢᠯ | ᠳᠤ ᠵᠤᠭᠠᠴᠠᠭᠰᠠᠳ ᠢ 12 ᠲᠦᠮᠡᠨ ᠬᠥᠮᠦᠨ ᠤᠳᠠᠭ᠎ᠠ ᠭᠥᠯᠢᠶᠡᠨ ᠠᠪᠤᠪᠠ᠃ | | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠰᠠᠶᠢᠨ ᠦᠷ᠎ᠡ ᠪᠦᠲᠦᠭᠡᠯ ᠭᠠᠷᠪᠠ | ᠪᠤᠤ ᠱᠢ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠴᠦᠨᠵᠧᠦ ᠶᠢᠨ ᠡᠷᠲᠡᠨ ᠤ ᠬᠤᠳᠠ ᠳᠤ | ᠣᠷᠣᠬᠤ ᠳᠤ᠂ ᠭᠢᠯᠠᠯᠵᠠᠮ᠎ᠠ ᠰᠠᠶᠢᠬᠠᠨ ᠤᠯᠠᠮᠵᠢᠯᠠᠯᠲᠤ ᠰᠣᠶᠣᠯ ᠨᠢ ᠴᠠᠭ ᠮᠥᠴᠡ ᠶᠢ ᠲᠤᠭᠤᠯᠵᠤ᠂ ᠠᠭᠤᠯᠠ ᠤᠰᠤ | ᠶᠢ ᠳᠠᠪᠠᠵᠤ᠂ ᠵᠤᠭᠠᠴᠠᠭᠰᠠᠳ ᠢ ᠵᠣᠷᠢᠨ ᠢᠷᠡᠯ᠎ᠠ᠂ ᠵᠤᠭᠠᠴᠠᠭᠰᠠᠳ ᠠᠳᠡ ᠯᠢᠶᠣᠤ ᠶᠢᠨ ᠤ ᠲᠡᠦᠬᠡ ᠶᠢ ᠣᠶᠢᠯᠠᠭᠠᠵᠤ᠂ | ᠲᠦᠴᠢᠦᠸᠠᠨ ᠰᠢᠶᠠᠨ ᠤ ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠰᠤᠳᠤᠷ ᠪᠢᠴᠢᠭ ᠲᠠᠬᠢ ᠦᠯᠢᠭᠡᠷ | ᠢ ᠰᠣᠨᠣᠰᠴᠤ ᠪᠠᠶᠢᠯ᠎ᠠ᠃ | ︽ᠡᠩ ᠤᠨ ᠦᠶ᠎ᠡ ᠳᠤ ᠤᠮᠠᠷᠠᠲᠤ ᠬᠢᠯᠢ ᠶᠢᠨ ᠰᠣᠶᠣᠯ ᠳᠤ ᠮᠠᠰᠢ ᠰᠣᠨᠢᠷᠬᠠᠯ ᠲᠠᠢ ᠪᠠᠶᠢᠵᠤ᠂ ᠠᠮᠠᠷᠠᠯᠲᠠ ᠶᠢᠨ | ᠬᠤᠭᠤᠴᠠᠭᠠᠨ ᠳᠤ ᠠᠳᠡ ᠢᠷᠡᠵᠦ ᠲᠤᠭᠤᠷᠢᠨ᠂ ᠮᠢᠩ ᠰᠢᠩ ᠨᠠᠭᠤᠷ᠂ ᠡᠪᠦᠭᠡᠨ ᠠᠭᠤᠯᠠ ᠪᠠᠷ ᠶᠠᠪᠤᠵᠤ ᠥᠩᠭᠡᠷᠡᠵᠡᠢ | ᠂ ᠰᠣᠨᠣᠰᠬᠤᠯᠠᠷ ᠠᠳᠡ ᠲᠡᠦᠬᠡ ᠰᠣᠶᠣᠯ ᠤᠨ ᠮᠦᠽᠧᠢ ᠲᠠᠢ᠂ ᠲᠤᠬᠠᠢ ᠶᠢᠨ ᠭᠠᠵᠠᠷ ᠤᠨ ᠲᠡᠦᠬᠡ ᠶᠢᠨ ᠬᠥᠭᠵᠢᠯᠲᠡ | ᠪᠠ ᠤᠨᠴᠠᠯᠢᠬᠳᠤ ᠰᠣᠶᠣᠯ ᠢ ᠣᠯᠵᠤ ᠬᠠᠷᠠᠨ᠎ᠠ ᠭᠡᠨ᠎ᠡ᠂ ᠪᠢ ᠶᠠᠭ ᠰᠠᠶᠢᠬᠠᠨ ᠲᠣᠭᠤᠷᠢᠨ ᠦᠵᠡᠬᠦ ᠪᠠᠷ ᠢᠷᠡᠭᠰᠡᠨ | ᠶᠤᠮ᠃︾ ᠭᠡᠵᠦ ᠵᠢᠭᠤᠯᠴᠢᠯᠠᠭᠴᠢ ᠶᠧ ᠬᠠᠶ ᠶᠠᠩ ᠬᠡᠯᠡᠪᠡ᠃ | | ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠶᠢᠨ ᠠᠤᠭ᠎ᠠ ᠶᠡᠭᠡ ᠠᠬᠤᠢ | ᠪᠠᠶᠢᠳᠠᠯ ᠳᠣᠣᠷ᠎ᠠ᠂ ︽ᠪᠡᠭᠡᠵᠢᠩ ᠥᠪᠥᠷ ᠮᠣᠩᠭᠤᠯ ᠬᠠᠮᠵᠢᠯᠴᠠᠨ ᠵᠢᠭᠤᠯᠴᠢᠯᠠᠯ ᠬᠦᠴᠦᠯᠡᠬᠦ︾ ᠨᠢ ᠨᠢᠭᠡᠨ ᠪᠠᠲᠤ | ᠪᠠᠬᠢ ᠬᠤᠯᠪᠣᠭᠠᠰᠤ ᠪᠤᠯᠵᠤ᠂ ᠨᠡᠶᠢᠰᠯᠡᠯ ᠤᠨ ᠬᠥᠭᠵᠢᠯ ᠴᠡᠴᠡᠭᠯᠡᠯ ᠪᠣᠯᠤᠨ ᠲᠦᠴᠢᠦᠸᠠᠨ ᠤ ᠰᠠᠶᠢᠨ ᠠᠭᠤᠯᠠ ᠤᠰᠤ | ᠦᠩᠭᠡ ᠦᠵᠡᠮᠵᠢ ᠶᠢ ᠨᠢᠭᠲᠠ ᠬᠤᠯᠪᠣᠯᠳᠤᠭᠰᠠᠨ ᠪᠠᠶᠢᠨ᠎ᠠ᠃ ᠲᠦᠴᠢᠦᠸᠠᠨ ᠰᠢᠶᠠᠨ ᠪᠡᠭᠡᠵᠢᠩ ᠥᠪᠥᠷ ᠮᠣᠩᠭᠤᠯ ᠤᠨ | ᠵᠢᠭᠤᠯᠴᠢᠯᠠᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ | ᠠᠶᠢᠮᠠᠭ ᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠳᠤ ᠰᠠᠭᠤᠷᠢᠯᠠᠨ᠂ ᠲᠦᠪ ᠤᠨ ᠵᠢᠭᠤᠯᠴᠢᠯᠠᠯ ᠤᠨ ᠪᠦᠯᠦᠭᠯᠡᠯ᠂ ᠴᠢᠩᠬᠤᠸᠠ ᠶᠡᠭᠡ ᠰᠤᠷᠭᠠᠭᠤᠯᠢ | ᠵᠡᠷᠭᠡ ᠵᠠᠰᠠᠭ ᠠᠵᠤ ᠠᠬᠤᠶᠢᠯᠠᠯ ᠤᠨ ᠨᠢᠭᠡᠴᠢ ᠲᠠᠢ ᠣᠨᠣᠪᠴᠢᠲᠠᠶ ᠵᠣᠯᠭᠠᠭᠤᠯᠵᠤ᠂ ︽ᠠᠶᠠᠨᠴᠢᠳ ᠢ ᠬᠢᠩᠭᠠᠨ | ᠠᠶᠢᠮᠠᠭ ᠲᠤ ᠲᠡᠳᠡᠨ ᠣᠷᠣᠭᠤᠯᠬᠤ᠂ ᠲᠦᠴᠢᠦᠸᠠᠨ ᠳᠤ ᠲᠡᠳᠡᠨ ᠣᠷᠣᠭᠤᠯᠬᠤ︾ ᠶᠢ ᠬᠡᠷᠡᠭᠵᠢᠭᠦᠯᠬᠦ ᠡᠷᠴᠢᠮ ᠢ | ᠠᠬᠢᠭᠤᠯᠵᠤ᠂ ︽ᠪᠡᠭᠡᠵᠢᠩ ᠤᠨ ᠠᠶᠠᠨᠴᠢᠳ ᠲᠦᠴᠢᠤᠸᠠᠨ ᠳᠤ ᠢᠷᠡᠬᠦ︾ ᠡᠭᠦᠳᠡᠨ ᠪᠢᠯᠧᠲ ᠬᠤᠨᠤᠭ ᠢ ᠬᠠᠰᠤᠵᠤ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠃ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠲᠠᠢ ︽ | ᠵᠢᠭᠤᠯᠴᠢᠯᠠᠯ ᠤᠨ ᠠᠵᠢᠯ ᠲᠥᠷᠥᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠵᠤ᠂ 4 ᠲᠠᠯ᠎ᠠ | ᠶᠢᠨ 17 ᠵᠦᠶᠯ ᠤᠨ ᠪᠣᠳᠠᠲᠠᠶ ᠠᠵᠢᠯ ᠤᠨ ᠲᠣᠭᠤᠷᠢᠨ ᠳᠤ ᠵᠣᠯᠭᠠᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠡᠭᠡᠵᠢᠩ ᠥᠪᠥᠷ ᠮᠣᠩᠭᠤᠯ ᠤᠨ | ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠳᠤ ᠢᠳᠡᠪᠬᠢᠲᠡᠶ ᠠᠭᠤᠰᠤᠯᠴᠠᠭᠤᠯᠵᠤ᠂ ᠲᠥᠷᠥ ᠶᠢᠨ ᠪᠣᠳᠣᠯᠭ᠎ᠠ ᠪᠠᠷ | ᠬᠠᠷᠢᠯᠴᠠᠨ ᠠᠰᠢᠭ ᠬᠦᠷᠲᠡᠭᠡᠬᠦ᠂ ᠡᠵᠡᠩᠨᠡᠯᠲᠡ ᠶᠢᠨ ᠪᠠᠶᠢᠳᠠᠯ ᠲᠥᠯᠥᠪ ᠬᠠᠷᠢᠯᠴᠠᠨ ᠠᠭᠤᠰᠤᠯᠴᠠᠬᠤ᠂ ᠬᠦᠴᠦᠨ | ᠵᠦᠶᠯ ᠬᠠᠷᠢᠯᠴᠠᠨ ᠨᠡᠪᠲᠡᠷᠡᠯᠴᠡᠬᠦ ᠬᠠᠮᠵᠢᠯᠴᠠᠨ ᠬᠥᠭᠵᠢᠬᠦ ᠠᠮᠢ ᠠᠬᠤᠶ ᠶᠢᠨ ᠬᠦᠷᠢᠶ᠎ᠡ ᠶᠢ ᠪᠥᠬᠦ ᠲᠠᠯ᠎ᠠ ᠪᠠᠷ | ᠪᠠᠶᠢᠭᠤᠯᠤᠨ᠎ᠠ᠃ ᠪᠦᠬᠦ ᠵᠢᠯ ᠳᠤ ᠵᠤᠭᠠᠴᠠᠭᠰᠠᠳ ᠤᠨ ᠬᠠᠷᠢᠯᠴᠠᠨ ᠵᠢᠭᠤᠯᠴᠢᠯᠠᠭᠰᠠᠨ ᠲᠤᠭ᠎ᠠ 3 ᠲᠦᠮᠡᠨ ᠬᠥᠮᠦᠨ | ᠤᠳᠠᠭ᠎ᠠ ᠶᠢ ᠳᠠᠪᠠᠵᠤ᠂ ᠬᠥᠮᠦᠨ ᠳᠤᠮᠳᠠᠴᠢ ᠶᠢᠨ ᠬᠡᠷᠡᠭᠯᠡᠭᠡ 800 ᠲᠥᠭᠦᠷᠢᠭ ᠢ ᠳᠠᠪᠠᠪᠠ᠃ | ᠥᠷᠭᠡᠨ ᠬᠡᠪᠴᠢᠶᠡᠨ ᠤ ᠤᠬᠠᠭᠤᠯᠭ᠎ᠠ ᠶᠠᠪᠤᠭᠳᠠᠵᠤ ᠪᠠᠶᠢᠨ᠎ᠠ | ᠲᠦᠴᠢᠦᠸᠠᠨ ᠰᠢᠶᠠᠨ ᠰᠣᠶᠣᠯ ᠵᠢᠭᠤᠯᠴᠢᠯᠠᠯ ᠤᠨ ᠲᠣᠭᠠᠴᠢᠯᠠᠭᠰᠠᠨ ᠭᠠᠵᠠᠷ ᠤᠨ ᠵᠢᠷᠤᠭ ᠢ ᠵᠢᠩᠬᠢᠨᠢ ᠪᠠᠷ | ᠰᠦᠯᠵᠢᠶᠡᠨ ᠳᠤ ᠭᠠᠷᠭᠠᠵᠤ᠂ ᠵᠢᠭᠤᠯᠴᠢᠯᠠᠯ ᠤᠨ ᠡᠬᠢ ᠪᠠᠶᠠᠯᠢᠭ ᠢ ︽ᠵᠢᠷᠭᠢᠶ᠎ᠡ ᠶᠢᠨ ᠵᠢᠵᠢᠭ ᠫᠷᠤᠭ᠍ᠷᠠᠮ︾ ᠤᠨ | ᠬᠡᠯᠪᠡᠷᠢ ᠪᠠᠷ ᠵᠤᠭᠠᠴᠠᠭᠰᠠᠳ ᠲᠤ ᠳᠡᠯᠭᠡᠨ ᠦᠵᠡᠭᠦᠯᠵᠦ᠂ ᠠᠭᠤᠯᠭ᠎ᠠ ᠨᠢ ᠲᠦᠴᠢᠦᠸᠠᠨ ᠰᠢᠶᠠᠨ ᠤ ︽ᠢᠳᠡᠵᠦ | ᠬᠤᠨᠣᠬᠤ ᠵᠢᠭᠤᠯᠴᠢᠯᠠᠵᠤ ᠬᠤᠳᠠᠯᠳᠤᠨ ᠠᠪᠬᠤ ᠵᠤᠭ᠎ᠠ ᠴᠡᠩᠭᠡᠯ︾ ᠭᠡᠬᠦ ᠵᠢᠷᠭᠤᠭᠠᠨ ᠶᠡᠭᠡ ᠵᠢᠭᠤᠯᠴᠢᠯᠠᠯ ᠤᠨ | ᠡᠯᠧᠮᠧᠨ᠋ᠲ ᠢ ᠬᠠᠮᠤᠷᠪᠠ᠃ ᠲᠣᠰ ᠫᠷᠤᠭ᠍ᠷᠠᠮ ᠨᠢ ᠪᠥᠬᠦ ᠦᠵᠡᠮᠵᠢ ᠶᠢ ᠭᠠᠶᠢᠬᠠᠭᠤᠯᠬᠤ᠂ VR ᠵᠢᠭᠤᠯᠴᠢᠯᠠᠯ ᠵᠡᠷᠭᠡ | ᠮᠡᠷᠭᠡᠵᠢᠯ ᠤᠨ ᠬᠡᠷᠡᠭᠯᠡᠭᠡᠨ ᠳᠤ ᠲᠦᠰᠢᠭᠯᠡᠨ᠂ ︽ᠣᠶᠤᠨᠴᠢ᠂ ᠲᠦᠷᠭᠡᠨ᠂ ᠠᠭᠤᠰᠤᠯᠴᠠᠭᠰᠠᠨ︾ ᠲᠦᠴᠢᠦᠸᠠᠨ ᠤ | ᠪᠥᠬᠦ ᠴᠠᠷᠠᠭᠠᠨ ᠤ ᠵᠢᠭᠤᠯᠴᠢᠯᠠᠯ ᠤᠨ ᠣᠶᠤᠨᠴᠢ ᠬᠥᠲᠥᠯᠥᠨ ᠦᠵᠡᠬᠦ ᠲᠠᠪᠴᠠᠩ ᠢ ᠪᠠᠶᠢᠭᠤᠯᠵᠤ᠂ ᠬᠥᠮᠦᠰ ᠲᠤ | ᠰᠦᠯᠵᠢᠶᠡᠨ ᠳᠡᠭᠡᠷᠡᠬᠢ ᠬᠥᠲᠥᠯᠥᠨ ᠦᠵᠡᠬᠦ ᠦᠶᠯᠡᠴᠢᠯᠡᠭᠡ ᠶᠢ ᠴᠠᠭ ᠢᠮᠠᠭᠲᠠ ᠭᠠᠵᠠᠷ ᠪᠣᠯᠭᠠᠨ ᠳᠤ ᠡᠳ᠋ᠯᠡᠭᠦᠯᠦᠨ᠎ᠡ᠃ | | | ᠡᠭᠦᠨ ᠤ ᠬᠠᠮᠲᠤ᠂ ᠲᠦᠴᠢᠦᠸᠠᠨ ᠰᠢᠶᠠᠨ ᠰᠦᠯᠵᠢᠶᠡᠨ ᠭᠠᠳᠠᠨᠠᠬᠢ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ | ᠢᠶᠠᠨ ᠦᠷᠭᠦᠯᠵᠢᠯᠡᠨ ᠴᠢᠩᠭᠠᠷᠠᠭᠤᠯᠵᠤ᠂ ᠪᠡᠭᠡᠵᠢᠩ ᠳᠤ ᠣᠴᠢᠬᠤ ᠲᠤᠰᠬᠠᠶ ᠰᠡᠳᠦᠪᠲᠦ ᠲᠠᠨᠢᠯᠴᠠᠭᠤᠯᠭ᠎ᠠ ᠶᠢᠨ | ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠠᠨ ᠵᠢᠶᠠᠨ ᠣᠯᠠᠨ ᠤᠯᠤᠰ ᠤᠨ ᠵᠢᠭᠤᠯᠴᠢᠯᠠᠯ ᠤᠨ | ᠬᠤᠷᠢᠶ᠎ᠠ ᠵᠡᠷᠭᠡ ᠰᠣᠶᠣᠯ ᠵᠢᠭᠤᠯᠴᠢᠯᠠᠯ ᠤᠨ ᠣᠯᠠᠨ ᠲᠣᠯᠣᠭᠠᠶᠢᠯᠠᠭᠴᠢ ᠠᠵᠤ ᠠᠬᠤᠶᠢᠯᠠᠯ ᠲᠠᠢ ᠵᠠᠬ᠎ᠠ ᠳᠡᠯᠭᠡᠭᠦᠷ ᠢ | ᠨᠡᠭᠡᠭᠡᠨ ᠬᠥᠭᠵᠢᠭᠦᠯᠬᠦ᠂ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠬᠦ᠂ ᠵᠣᠴᠢᠳ ᠤᠨ ᠢᠷᠡᠯᠲᠡ ᠶᠢ ᠬᠠᠮᠲᠤ ᠪᠠᠷ | ᠡᠳ᠋ᠯᠡᠬᠦ ᠵᠡᠷᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ ᠠᠩᠬᠠᠳᠤᠭᠠᠷ | ᠬᠤᠭᠤᠴᠠᠭᠠᠨ ᠤ ᠪᠡᠭᠡᠵᠢᠩ ᠲᠢᠶᠠᠨᠵᠢᠨ ᠾᠧᠪᠧᠢ ᠶᠢᠨ ᠵᠠᠩ ᠦᠢᠯᠡ ᠶᠢᠨ ᠵᠢᠭᠤᠯᠴᠢᠯᠠᠯ ᠤᠨ ᠬᠠᠮᠵᠢᠯᠴᠠᠨ ᠬᠥᠭᠵᠢᠬᠦ | ᠶᠡᠭᠡ ᠬᠤᠷᠠᠯ ᠳᠤ ᠭᠦᠨᠵᠡᠭᠡᠢ ᠣᠷᠣᠯᠴᠠᠵᠤ᠂ ᠰᠢᠶᠠᠨ ᠤ ᠬᠡᠪᠴᠢᠶᠡᠨ ᠤ ᠰᠣᠶᠣᠯ ᠵᠢᠭᠤᠯᠴᠢᠯᠠᠯ ᠤᠨ ᠣᠨᠴᠠᠯᠢᠭ ᠢ | ᠰᠢᠰᠲ᠋ᠧᠮ ᠲᠠᠢ ᠢᠯᠡᠷᠡᠭᠦᠯᠪᠡ᠃ ︽ᠪᠡᠭᠡᠵᠢᠩ ᠥᠪᠥᠷ ᠮᠣᠩᠭᠤᠯ ᠬᠤᠪᠸᠢ ᠬᠠᠮᠲᠤ ᠪᠠᠷ ᠴᠦᠨᠱᠠᠨ ᠠᠭᠤᠯᠠᠨ ᠳᠤ | ᠬᠦᠷᠬᠦ︾ ᠰᠣᠶᠣᠯ ᠵᠢᠭᠤᠯᠴᠢᠯᠠᠯ ᠤᠨ ᠲᠤᠰᠬᠠᠶ ᠰᠡᠳᠦᠪᠲᠦ ᠤᠬᠠᠭᠤᠯᠭ᠎ᠠ ᠶᠢᠨ ᠰᠣᠳᠣᠨ ᠪᠦᠲᠦᠭᠡᠯ ᠢ ᠬᠠᠮᠲᠤᠷᠠᠨ | ᠡᠭᠦᠳᠴᠦ᠂ ︽ᠦᠵᠡᠰᠬᠦᠯᠡᠩᠲᠦ ᠰᠠᠶᠢᠬᠠᠨ ᠭᠡᠷ ᠪᠠᠶᠢᠰᠢᠩ ᠠᠭᠤᠯᠠ︾ ᠵᠡᠷᠭᠡ ᠣᠬᠤᠷ ᠸᠢᠳᠢᠣ᠋ ᠶᠢᠨ ᠲᠠᠪᠴᠠᠩ ᠳᠤ | ᠳᠡᠯᠭᠡᠨ ᠦᠵᠡᠭᠦᠯᠵᠦ ᠨᠡᠪᠲᠡᠷᠡᠭᠦᠯᠦᠨ᠂ ᠣᠷᠣᠨ ᠪᠦᠰᠡ ᠠᠯᠤᠰᠯᠠᠭᠰᠠᠨ ᠤᠬᠠᠭᠤᠯᠭ᠎ᠠ ᠶᠢᠨ ᠦᠷ᠎ᠡ ᠴᠢᠳᠠᠮᠵᠢ ᠶᠢ | ᠦᠳᠲᠡᠷ ᠲᠦᠷᠭᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ |