ᠨᠢᠭᠡ᠂ ᠡᠮ ᠢᠶᠠᠷ ᠡᠮᠨᠡᠨ᠎ᠡ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠲᠣᠰ ᠡᠪᠡᠳᠴᠢᠨ ᠤ ᠶᠠᠪᠤᠴᠠ ᠨᠢ | ᠲᠦᠢᠯ ᠤᠨ ᠣᠬᠤᠷ᠂ ᠵᠢᠱᠢᠶᠡᠯᠡᠪᠡᠯ᠂ ᠦᠬᠡᠷ ᠤᠨ ᠰᠦᠷᠦᠭ ᠲᠤ ᠡᠶᠢᠮᠦᠷᠬᠦ ᠡᠪᠡᠳᠴᠢᠨ ᠤ ᠪᠠᠶᠢᠳᠠᠯ ᠭᠠᠷᠴᠤ | ᠥᠩᠭᠡᠷᠡᠭᠰᠡᠨ ᠭᠡᠳᠡᠭ ᠢ ᠣᠯᠵᠤ ᠮᠡᠳᠡᠬᠦ ᠳᠤ ᠮᠠᠰᠢ ᠪᠡᠷᠬᠡ ᠪᠠᠶᠢᠳᠠᠭ᠂ ᠪᠤᠰᠤᠳ ᠡᠷᠡᠭᠦᠯ ᠴᠢᠭᠢᠷᠠᠭ ᠦᠬᠡᠷ ᠢ ᠴᠢᠩᠭ᠎ᠠ | ᠬᠢᠨᠠᠨ ᠠᠵᠢᠭᠯᠠᠵᠤ᠂ ᠡᠪᠡᠳᠴᠢᠨ ᠤ ᠢᠯᠡᠷᠡᠯ ᠭᠠᠷᠤᠭᠰᠠᠭᠠᠷ ᠴᠠᠭ ᠲᠤᠬᠠᠢ ᠳᠤᠨᠢ ᠳᠣᠣᠷᠠᠬᠢ ᠮᠡᠲᠦ ᠡᠮᠨᠡᠨ ᠵᠠᠰᠠᠬᠤ | ᠠᠷᠭ᠎ᠠ ᠶᠢ ᠬᠡᠷᠡᠭᠯᠡᠬᠦ ᠬᠡᠷᠡᠭᠲᠡᠢ᠃ ᠬᠦᠬᠦᠷᠯᠢᠭ ᠠᠮᠢᠨ ᠤ ᠲᠥᠷᠥᠯ ᠤᠨ ᠡᠮ᠂ ᠫᠧᠨᠢᠼᠢᠯᠢᠨ᠂ ᠯᠢᠶᠠᠨ ᠮᠧᠶ ᠰᠦ᠋᠂ | ᠬᠤᠩ ᠮᠧᠶ ᠰᠦ᠋ ᠵᠢᠴᠢ ᠯᠢᠨ ᠺᠧ ᠮᠧᠶ ᠰᠦ᠋ ᠪᠠᠷ ᠡᠮᠨᠡᠨ ᠵᠠᠰᠠᠪᠠᠯ ᠨᠡᠯᠢᠶᠡᠳ ᠰᠠᠶᠢᠨ ᠡᠮᠴᠢᠯᠡᠭᠡᠨ ᠤ ᠠᠴᠢ ᠲᠤᠰᠠ ᠲᠠᠢ | ᠃ ᠡᠪᠡᠳᠴᠢᠨ ᠲᠠᠢ ᠦᠬᠡᠷ ᠲᠤ ᠪᠡᠶ᠎ᠡ ᠶᠢᠨ ᠬᠦᠨᠳᠦ ᠪᠠᠷ ᠨᠠᠮᠵᠢᠭᠤᠨ ᠰᠤᠳᠠᠯ ᠢᠶᠠᠷ 1 — 1.5mL/kg | ᠬᠦᠬᠦᠷᠯᠢᠭ ᠠᠮᠢᠨ ᠤ ᠬᠤᠶᠠᠷ ᠮᠧᠲ᠋ᠢᠯᠲᠦ ᠬᠦᠴᠢᠯᠲᠥ᠋ᠷᠥᠭᠴᠢᠲᠦ ᠫᠢᠷᠢᠮᠢᠳᠢᠨ ᠨᠠᠳ᠋ᠷᠢ ᠶᠢᠨ ᠲᠠᠷᠢᠯᠭ᠎ᠠ ᠶᠢᠨ ᠰᠢᠩᠭᠡᠨ ᠢ | ᠡᠳᠦᠷ ᠲᠤ 2 ᠤᠳᠠᠭ᠎ᠠ ᠲᠠᠷᠢᠵᠤ᠂ ᠦᠷᠭᠦᠯᠵᠢᠯᠡᠨ 3 — 5 ᠡᠳᠦᠷ ᠬᠡᠷᠡᠭᠯᠡᠨ᠎ᠡ᠃ | ᠬᠤᠶᠠᠷ᠂ ᠡᠭᠡᠯᠢᠯᠡᠭᠡ ᠶᠢᠨ ᠲᠠᠷᠢᠯᠭ᠎ᠠ ᠬᠢᠨ᠎ᠡ᠃ ᠬᠡᠷᠪᠡ ᠦᠬᠡᠷ ᠤᠨ ᠲᠠᠯᠠᠪᠠᠶ ᠳᠤ ᠲᠣᠰ ᠡᠪᠡᠳᠴᠢᠨ ᠳᠤ | ᠨᠡᠷᠪᠡᠭᠳᠡᠭᠰᠡᠨ ᠪᠤᠶᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠨᠢ ᠨᠡᠯᠢᠶᠡᠳ ᠠᠨᠠᠢ ᠪᠠᠶᠢᠪᠠᠯ᠂ | ᠸᠧᠢ ᠣᠪᠣᠭᠲᠤ ᠶᠢᠨ ᠣᠷᠬᠢᠴᠠ ᠪᠠᠺᠲ᠋ᠧᠷᠢ ᠶᠢᠨ ᠸᠠᠺᠼᠢᠨ ᠢ ᠬᠡᠷᠡᠭᠯᠡᠨ ᠡᠭᠡᠯᠢᠯᠡᠭᠡ ᠶᠢᠨ ᠲᠠᠷᠢᠯᠭ᠎ᠠ ᠬᠢᠬᠦ ᠶᠢ | ᠪᠣᠳᠣᠯᠬᠢᠯᠠᠵᠤ ᠪᠣᠯᠣᠨ᠎ᠠ᠂ ᠡᠭᠡᠯᠢᠯᠡᠭᠡ ᠶᠢᠨ ᠴᠠᠭ᠂ ᠠᠷᠭ᠎ᠠ ᠵᠢᠴᠢ ᠡᠮ ᠤᠨ ᠬᠡᠮᠵᠢᠶ᠎ᠡ ᠶᠢ ᠸᠠᠺᠼᠢᠨ ᠢ ᠬᠡᠷᠡᠭᠯᠡᠬᠦ | ᠲᠣᠳᠣᠷᠬᠠᠶᠢᠯᠠᠯᠲᠠ ᠶᠢᠨ ᠶᠣᠰᠣᠭᠠᠷ ᠬᠢᠵᠦ ᠪᠣᠯᠣᠨ᠎ᠠ᠃ ᠡᠩ ᠤᠨ ᠪᠠᠶᠢᠳᠠᠯ ᠳᠤ᠂ ᠦᠬᠡᠷ ᠤᠨ ᠰᠦᠷᠦᠭ ᠲᠤ ᠵᠢᠯ | ᠪᠦᠷᠢ ᠶᠢᠨ ᠬᠠᠪᠤᠷ ᠨᠠᠮᠤᠷ ᠤᠨ ᠤᠯᠠᠷᠢᠯ ︵ᠳᠠᠷᠤᠢ 4 ᠰᠠᠷ᠎ᠠ ᠪᠠ 9 ᠰᠠᠷ᠎ᠠ ︶ ᠳᠤ ᠲᠣᠰ ᠲᠣᠰ ᠨᠢᠭᠡ ᠤᠳᠠᠭ᠎ᠠ | ᠸᠠᠺᠼᠢᠨ ᠤ ᠲᠠᠷᠢᠯᠭ᠎ᠠ ᠬᠢᠵᠦ ᠪᠣᠯᠣᠨ᠎ᠠ᠃ ᠡᠪᠡᠳᠴᠢᠨ ᠳᠤ ᠨᠡᠷᠪᠡᠭᠳᠡᠭᠰᠡᠨ ᠦᠬᠡᠷ ᠤᠨ ᠲᠠᠯᠠᠪᠠᠢ ᠳᠤ᠂ ᠪᠦᠬᠦ | ᠦᠬᠡᠷ ᠲᠤ ᠣᠯᠠᠨ ᠬᠤᠯᠪᠣᠭᠠᠲᠤ ᠠᠭᠰᠢᠭᠠᠭᠰᠠᠨ ᠲᠠᠷᠢᠯᠭ᠎ᠠ ︵ᠸᠧᠢ ᠣᠪᠣᠭᠲᠤ ᠶᠢᠨ ᠣᠷᠬᠢᠴᠠ A᠂ B᠂ C᠂ | D ᠬᠡᠯᠪᠡᠷᠢ ︶ ᠶᠢ ᠪᠠᠴᠢᠮ ᠳᠠᠷᠢᠵᠤ᠂ ᠠᠷᠠᠰᠤᠨ ᠳᠣᠣᠷ᠎ᠠ ᠨᠢ 1.5 — 2mL ᠳᠠᠷᠢᠨ᠎ᠠ᠃ | ᠭᠤᠷᠪᠠ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠯᠠᠰᠢᠨ ᠦᠬᠡᠷ ᠠᠳᠠᠯᠢ | ᠪᠤᠰᠤ ᠱᠠᠲᠤ ᠦᠶ᠎ᠡ ᠳᠤ ᠣᠷᠣᠰᠢᠵᠤ ᠪᠠᠶᠢᠳᠠᠭ᠂ ᠲᠤᠬᠠᠶᠢᠯᠠᠪᠠᠯ ᠥᠰᠦᠯᠲᠡ᠂ ᠪᠤᠶᠢᠵᠢᠯᠲᠠ᠂ ᠦᠢᠯᠡᠳᠪᠦᠷᠢᠯᠡᠯ ᠵᠢᠴᠢ | ᠦᠷᠡᠵᠢᠯ ᠵᠡᠷᠭᠡ ᠱᠠᠲᠤ ᠦᠶ᠎ᠡ ᠳᠤ᠂ ᠲᠡᠵᠢᠭᠡᠯ ᠪᠣᠷᠳᠤᠭ᠎ᠠ ᠶᠢᠨ ᠪᠠᠷᠢᠮᠵᠢᠶ᠎ᠠ ᠶᠢ ᠦᠨᠳᠦᠰᠦᠯᠡᠨ ᠴᠢᠨᠠᠷ ᠰᠠᠶᠢᠲᠠᠢ | ᠪᠦᠷᠢᠨ ᠨᠠᠶᠢᠷᠠᠭᠤᠯᠤᠭᠰᠠᠨ ᠲᠡᠵᠢᠭᠡᠯ ᠪᠣᠷᠳᠤᠭ᠎ᠠ ᠶᠢ ᠲᠡᠵᠢᠭᠡᠵᠦ᠂ ᠲᠡᠵᠢᠭᠡᠯ ᠪᠣᠷᠳᠤᠭ᠎ᠠ ᠶᠢ ᠰᠣᠯᠢᠬᠤ ᠦᠶ᠎ᠡ ᠳᠤ | ᠨᠢᠭᠡ ᠯᠡ ᠳᠣᠣᠷ᠎ᠠ ᠪᠠᠶᠢᠵᠤ ᠪᠣᠯᠬᠤ ᠦᠭᠡᠢ᠂ ᠴᠢᠨᠠᠷ ᠮᠠᠭᠤ᠂ ᠸᠠᠯᠠᠭᠰᠠᠨ ᠲᠡᠵᠢᠭᠡᠯ ᠪᠣᠷᠳᠤᠭ᠎ᠠ ᠶᠢ ᠲᠡᠵᠢᠭᠡᠵᠦ | ᠪᠣᠯᠬᠤ ᠦᠭᠡᠢ᠂ ᠡᠭᠦᠨ ᠤ ᠬᠠᠮᠲᠤ ᠨᠠᠷᠢᠯᠢᠭ ᠪᠦᠳᠦᠭᠦᠯᠢᠭ ᠪᠣᠷᠳᠣᠭᠠᠨ ᠤ ᠨᠠᠶᠢᠷᠠᠯᠭ᠎ᠠ ᠶᠢ ᠵᠣᠬᠢᠰᠲᠠᠢ ᠲᠣᠬᠢᠷᠠᠭᠤᠯᠬᠤ | ᠬᠡᠷᠡᠭᠲᠡᠢ᠃ ᠨᠠᠷᠢᠯᠢᠭ ᠪᠣᠷᠳᠤᠭ᠎ᠠ ᠶᠢ ᠲᠡᠵᠢᠭᠡᠬᠦ ᠳᠡᠭᠡᠨ ︽ᠤᠷᠢᠳ ᠢᠶᠠᠷ ᠡᠪᠡᠰᠦ ᠥᠭᠴᠦ᠂ ᠳᠠᠷᠠᠭ᠎ᠠ ᠪᠠᠷ ᠨᠢ | ᠲᠡᠵᠢᠭᠡᠬᠦ ︾ ᠠᠷᠭ᠎ᠠ ᠶᠢ ᠠᠪᠴᠤ᠂ ᠨᠠᠷᠢᠯᠢᠭ ᠪᠣᠷᠳᠤᠭ᠎ᠠ ᠶᠢᠨ ᠡᠳᠦᠷ ᠲᠤ ᠥᠭᠬᠦ ᠬᠡᠮᠵᠢᠶ᠎ᠡ ᠨᠢ ᠪᠡᠶ᠎ᠡ ᠶᠢᠨ | ᠬᠦᠨᠳᠦ ᠶᠢᠨ ᠬᠢᠨᠢ 1%~3% ᠪᠠᠶᠢᠯᠭᠠᠨ᠎ᠠ᠃ ᠦᠬᠡᠷ ᠤᠨ ᠲᠠᠯᠠᠪᠠᠶ ᠶᠢᠨ ᠣᠷᠴᠢᠨ ᠲᠣᠭᠤᠷᠢᠨ ᠤ ᠠᠷᠢᠭᠤᠳᠬᠠᠯ ᠢ | ᠴᠢᠩᠭᠠᠳᠬᠠᠵᠤ᠂ ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠵᠦ᠂ ᠬᠠᠭᠤᠷᠠᠢ᠂ ᠠᠷᠢᠭᠤᠨ ᠴᠡᠪᠡᠷ ᠪᠠᠶᠢᠯᠭᠠᠬᠤ | ᠬᠡᠷᠡᠭᠲᠡᠢ ᠪᠥᠭᠡᠳ ᠲᠠᠯᠠᠪᠠᠶ᠂ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ | ᠲᠠᠯ᠎ᠠ ᠪᠠᠷ ᠠᠷᠢᠭᠤᠳᠬᠠᠬᠤ ᠬᠡᠷᠡᠭᠲᠡᠢ᠃ |