3 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ | ᠵᠢᠶᠠ ᠵᠢᠶᠦ᠋ᠨ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠲᠦᠴᠢᠦᠸᠠᠨ ᠰᠢᠶᠠᠨ ᠤ | 2025 ᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠬᠤ ᠠᠵᠢᠯ ᠤᠨ ᠲᠥᠰᠦᠯ︾᠂ ︽ᠲᠦᠴᠢᠦᠸᠠᠨ ᠰᠢᠶᠠᠨ ᠤ 2025 ᠣᠨ ᠳᠤ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠢ ᠪᠥᠲᠥᠭᠡᠨ | ᠪᠠᠶᠢᠭᠤᠯᠬᠤ ᠠᠵᠢᠯ ᠤᠨ ᠲᠥᠰᠦᠯ︾᠂ ︽ᠲᠦᠴᠢᠦᠸᠠᠨ ᠰᠢᠶᠠᠨ ᠤ 2025 ᠣᠨ ᠳᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯ ᠤᠨ ᠲᠥᠰᠦᠯ︾᠂ ︽ | ᠲᠦᠴᠢᠦᠸᠠᠨ ᠰᠢᠶᠠᠨ ᠤ 2025 ᠣᠨ ᠳᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠲᠤᠬᠠᠶ ᠠᠵᠢᠯ ᠤᠨ ᠲᠥᠰᠦᠯ︾ ᠵᠡᠷᠭᠡ ᠪᠢᠴᠢᠭ | ᠮᠠᠲ᠋ᠧᠷᠢᠶᠠᠯ ᠢ ᠬᠢᠨᠠᠨ ᠵᠥᠪᠯᠡᠪᠡ᠂ 2025 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ | ᠵᠣᠯᠭᠠᠭᠤᠯᠬᠤ ᠪᠠᠯᠠ ᠮᠥᠩᠭᠦ ᠶᠢᠨ ᠬᠡᠷᠡᠭᠵᠢᠭᠦᠯᠬᠦ ᠲᠥᠷᠥᠯ ᠵᠦᠶᠯ᠂ 2025 ᠣᠨ ᠤ ᠥᠪᠡᠷᠲᠡᠭᠡᠨ ᠵᠠᠰᠠᠬᠤ ᠣᠷᠣᠨ | ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ | ᠮᠥᠩᠭᠦ ︵ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠡᠭᠦᠷᠭᠡ ᠶᠢᠨ ᠬᠤᠶᠠᠳᠤᠭᠠᠷ ᠪᠦᠯᠦᠭ | ︶ ᠶᠢᠨ ᠲᠥᠷᠥᠯ ᠵᠦᠶᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ | ᠭᠦᠶᠴᠡᠳᠬᠡᠯ ᠲᠤᠭ᠎ᠠ ᠶᠢ ᠬᠤᠪᠢᠶᠠᠷᠢᠯᠠᠬᠤ ᠵᠡᠷᠭᠡ ᠤᠴᠢᠷ ᠶᠠᠪᠤᠳᠠᠯ ᠢ ᠰᠤᠳᠤᠯᠵᠤ᠂ ︽ᠲᠦᠴᠢᠦᠸᠠᠨ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠰᠠᠭᠤᠷᠢ ᠠᠵᠢᠯ ᠤᠨ | ᠲᠦᠪᠰᠢᠨ ᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠦᠯ︾ ᠤᠨ 2025 ᠣᠨ ᠤ ᠨᠢᠭᠡᠳᠦᠭᠡᠷ ᠤᠯᠠᠷᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ ᠢ ᠲᠦᠷᠦᠭᠦᠯᠡᠨ ᠬᠢᠬᠦ ᠰᠢᠶᠠᠨ ᠤ | ᠱᠠᠲᠤᠨ ᠤ ᠤᠳᠤᠷᠢᠳᠤᠯᠭ᠎ᠠ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠦᠬᠦ ᠲᠠᠯ᠎ᠠ ᠶᠢᠨ ᠦᠨᠳᠦᠷᠴᠡ ᠠᠴᠠ᠂ | ᠬᠡᠷᠡᠭᠵᠢᠭᠦᠯᠬᠦ ᠲᠥᠰᠦᠯ ᠪᠣᠯᠤᠨ ᠡᠭᠦᠷᠭᠡ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠢ ᠰᠤᠳᠤᠯᠵᠤ᠂ ᠡᠭᠦᠷᠭᠡ ᠲᠠᠢ | ᠪᠠᠨ ᠬᠠᠷᠭᠤᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠵᠦ᠂ | ᠲᠣᠭᠲᠠᠭᠠᠭᠰᠠᠨ ᠴᠠᠭ ᠤᠨ ᠬᠦᠰᠦᠨᠦᠭᠲᠦ ᠪᠣᠯᠤᠨ ᠵᠠᠮ ᠱᠤᠭᠤᠮ ᠤᠨ ᠵᠢᠷᠤᠭ ᠶᠣᠰᠣᠭᠠᠷ᠂ ︽ᠲᠠᠪᠤᠨ ᠶᠡᠭᠡ ᠡᠭᠦᠷᠭᠡ | ︾ ᠶᠢ ᠰᠠᠶᠢᠨ ᠠᠳᠬᠤᠬᠤ ᠶᠢ ︽ᠵᠢᠷᠭᠤᠭᠠᠨ ᠢᠨᠵᠧᠨᠧᠷᠢᠩ︾ ᠢ ᠠᠬᠢᠭᠤᠯᠬᠤ᠂ ︽ᠵᠢᠷᠭᠤᠭᠠᠨ ᠠᠵᠢᠯᠯᠠᠭ᠎ᠠ︾ ᠶᠢ | ᠨᠠᠶᠢᠳᠠᠪᠤᠷᠢᠵᠢᠭᠤᠯᠬᠤ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠤ | ᠂ ᠡᠯ᠎ᠡ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ | ᠪᠡᠯᠡ ᠮᠥᠩᠭᠦ ᠶᠢᠨ ᠬᠡᠷᠡᠭᠵᠢᠭᠦᠯᠬᠦ ᠲᠥᠷᠥᠯ ᠵᠦᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠣᠯᠭᠠᠭᠤᠯᠵᠤ᠂ | ᠳᠣᠲᠣᠭᠠᠳᠤ ᠳᠠᠭᠠᠨ ᠬᠢᠨᠠᠨ ᠲᠣᠭᠲᠠᠭᠠᠬᠤ ᠶᠢ ᠰᠠᠶᠢᠲᠤᠷ ᠬᠢᠵᠦ᠂ ᠲᠥᠷᠥᠯ ᠵᠦᠢᠯ ᠤᠨ ᠤᠷᠤᠭᠰᠢᠲᠠᠶ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠢᠵᠠᠭᠠᠷ ᠲᠠᠢ | ᠡᠬᠢ ᠪᠠᠶᠠᠯᠢᠭ ᠢ ᠵᠦᠢ ᠵᠣᠬᠢᠰᠲᠠᠶ ᠬᠤᠪᠢᠶᠠᠷᠢᠯᠠᠨ᠂ ᠠᠵᠢᠯ ᠤᠨ ᠪᠠᠶᠢᠷᠢ ᠶᠢ ᠨᠡᠭᠡᠭᠡᠬᠦ ᠴᠢᠭᠯᠡᠭᠦᠯᠦᠯᠲᠦ ᠴᠢᠨᠠᠷ ᠪᠣᠯᠤᠨ | ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ | ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2025 ᠣᠨ ᠤ ᠲᠦᠴᠢᠦᠸᠠᠨ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ᠂ 2025 ᠣᠨ ᠤ ᠵᠠᠰᠠᠭ ᠤᠨ ᠣᠷᠳᠣᠨ ᠤ ᠨᠠᠮ | ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃ |