ᠵᠠᠩ ᠳᠠᠳᠬᠠᠯ ᠢ ᠥᠭᠡᠷᠡᠴᠢᠯᠡᠬᠦ ᠠᠵᠢᠯ ᠢ ᠰᠡᠳᠬᠢᠯ ᠲᠠᠯᠪᠢᠨ ᠬᠢᠵᠦ ᠰᠢᠨᠡᠴᠢᠯᠡᠨ ᠦᠭᠡᠷᠡᠴᠢᠯᠡᠨ᠎ᠡ
ᠨᠡᠶᠢᠲᠡᠯᠡᠭᠰᠡᠨ ᠴᠠᠭ᠄
2025/3/19
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠤᠲᠤᠭ ᠤᠨ ᠰᠤᠷᠲᠠᠯ ᠤᠨ ᠪᠣᠯᠪᠠᠰᠤᠨ ᠪᠣᠯ ᠪᠠᠲᠤᠯᠠᠭ᠎ᠠ ᠮᠥᠨ︔ ᠪᠣᠯᠪᠠᠰᠤᠨ ᠨᠤᠲᠤᠭ ᠤᠨ ᠰᠤᠷᠲᠠᠯ ᠨᠢ ᠵᠠᠩ ᠳᠠᠳᠬᠠᠯ ᠢ ᠥᠭᠡᠷᠡᠴᠢᠯᠡᠬᠦ ᠪᠣᠯ ᠵᠠᠩᠭᠢᠯᠠᠭ᠎ᠠ᠃ ᠣᠶᠢᠷ᠎ᠠ ᠶᠢᠨ ᠵᠢᠯ ᠠᠴᠠ ᠨᠠᠰᠢ᠂ ᠪᠤᠤ ᠱᠢ ᠪᠠᠯᠭᠠᠰᠤ ᠨᠢ ᠬᠡᠪ ᠵᠠᠩᠰᠢᠯ ᠢ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠠᠢ ᠢᠳᠡᠪᠬᠢᠲᠡᠶ ᠤᠶᠠᠯᠳᠤᠭᠤᠯᠤᠨ ᠪᠣᠳᠠᠲᠠᠶ ᠪᠥᠭᠡᠳ ᠭᠦᠨᠵᠡᠭᠡᠶᠢᠷᠡᠭᠦᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠶᠡᠭᠡ ᠬᠡᠮᠵᠢᠶᠡᠨ ᠤ ᠪᠣᠭᠲᠣᠯᠠᠬᠤ ᠪᠡᠯᠡᠭ ᠬᠦᠷᠭᠡᠬᠦ᠂ ᠶᠡᠭᠡ ᠪᠠᠷ ᠬᠢᠬᠦ᠂ ᠬᠦᠨᠳᠦ ᠪᠠᠷ ᠣᠷᠣᠰᠢᠭᠤᠯᠵᠤ ᠮᠠᠭᠤ ᠲᠡᠵᠢᠭᠡᠨ ᠠᠰᠠᠷᠠᠬᠤ ᠵᠡᠷᠭᠡ ᠠᠰᠠᠭᠤᠳᠠᠯ ᠢ ᠵᠠᠰᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠢ ᠰᠡᠳᠬᠢᠯ ᠲᠠᠯᠪᠢᠨ ᠬᠢᠵᠦ ᠰᠢᠨᠡᠴᠢᠯᠡᠨ ᠦᠭᠡᠷᠡᠴᠢᠯᠡᠪᠡ᠃    ᠵᠠᠩ ᠳᠠᠳᠬᠠᠯ ᠢ ᠥᠭᠡᠷᠡᠴᠢᠯᠡᠬᠦ ᠠᠵᠢᠯ ᠢ ᠲᠠᠰᠤᠷᠠᠯᠲᠠ ᠥᠬᠡᠶ ᠴᠢᠩᠭ᠎ᠠ ᠠᠳᠬᠤᠭᠰᠠᠨ ᠤ ᠠᠷᠤ ᠳᠤ ᠪᠤᠤ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠠᠬᠢᠭᠤᠯᠤᠨ ᠪᠣᠳᠠᠲᠠᠶ ᠦᠷ᠎ᠡ ᠪᠦᠲᠦᠮᠵᠢ ᠭᠠᠷᠭᠠᠭᠰᠠᠨ ᠠᠮᠢᠳᠤᠯᠢᠭ ᠢᠯᠡᠷᠡᠯ ᠪᠣᠶ᠃ ᠪᠤᠤ ᠱᠢ ᠪᠠᠯᠭᠠᠰᠤ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ ᠬᠡᠪ ᠵᠠᠩᠰᠢᠯ ᠢ ᠥᠭᠡᠷᠡᠴᠢᠯᠡᠬᠦ ᠠᠵᠢᠯ  ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠠᠵᠢᠯ ᠤᠨ ᠰᠠᠶᠢᠨ ᠳᠤᠷ᠎ᠠ ᠶᠢᠨ ᠬᠤᠰᠢᠭᠤᠴᠢ ᠡᠩᠨᠡᠭᠡ ᠶᠢ ᠵᠣᠬᠢᠶᠠᠨ ᠪᠠᠶᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠰᠬᠤᠨ ᠤ ᠲᠦᠷᠢᠮ ᠠᠷᠠᠳ ᠤᠨ ᠭᠡᠷ᠎ᠡ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠲᠦᠷᠦᠭᠦᠯᠡᠨ ᠰᠠᠬᠢᠬᠤ ᠶᠢ ᠢᠳᠡᠪᠬᠢᠲᠡᠶ ᠵᠣᠷᠢᠭᠵᠢᠭᠤᠯᠬᠤ  ᠶᠢᠨ ᠬᠠᠮᠲᠤ ᠬᠠᠷᠢᠶ᠎ᠠ ᠣᠷᠣᠨ ᠤ ᠠᠷᠠᠳ ᠣᠯᠠᠨ ᠳᠤ ᠰᠠᠨᠠᠭᠠᠴᠢᠯᠠᠭ᠎ᠠ ᠶᠢᠨ ᠠᠮᠠᠯᠠᠯᠲᠠ ᠶᠢᠨ ᠪᠢᠴᠢᠭ ᠪᠠᠭᠤᠯᠭᠠᠪᠠ᠃ ᠣᠳᠣᠬᠠᠨ ᠪᠣᠯᠲᠠᠯ᠎ᠠ ᠨᠡᠶᠢᠲᠡ 2300 ᠭᠠᠷᠤᠶ ᠬᠤᠪᠢ ᠡᠷᠡᠮᠡᠯᠵᠡᠯ ᠤᠨ ᠪᠢᠴᠢᠭ ᠲᠠᠷᠬᠠᠭᠠᠵᠤ᠂ 2500 ᠭᠠᠷᠤᠶ ᠬᠥᠮᠦᠨ ᠳᠤ ᠠᠰᠢᠭ ᠬᠦᠷᠲᠡᠭᠡᠵᠦ᠂ ᠨᠠᠮ ᠤᠨ ᠰᠢᠯᠢᠳᠡᠭ ᠰᠤᠷᠲᠠᠯ ᠢᠶᠠᠷ ᠨᠡᠶᠢᠭᠡᠮ ᠤᠨ ᠰᠤᠷᠲᠠᠯ᠂ ᠨᠤᠲᠤᠭ ᠤᠨ ᠰᠤᠷᠲᠠᠯ ᠢ ᠳᠠᠶᠢᠴᠢᠯᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃    ᠲᠣᠰᠬᠤᠨ ᠤ ᠲᠦᠷᠢᠮ ᠠᠷᠠᠳ ᠤᠨ ᠭᠡᠷ᠎ᠡ ᠶᠢ ᠤᠬᠠᠭᠠᠯᠠᠨ ᠲᠥᠯᠥᠪᠯᠡᠬᠦ ᠲᠠᠯ᠎ᠠ ᠪᠠᠷ᠂ ᠪᠤᠤ ᠱᠢ ᠪᠠᠯᠭᠠᠰᠤᠨ ᠤ ᠪᠤᠤ ᠴᠧᠩ ᠲᠣᠰᠬᠤᠨ ᠥᠪᠡᠷᠮᠢᠴᠡ ᠨᠢᠭᠤᠴᠠ ᠵᠣᠷ ᠲᠠᠢ ᠪᠠᠶᠢᠵᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠣᠭᠲᠠᠭᠠᠬᠤ ᠳᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ᠂ ᠪᠣᠳᠠᠲᠠᠶ ᠲᠠᠢ ᠤᠶᠠᠯᠳᠤᠭᠤᠯᠬᠤ᠂ ᠣᠯᠠᠨ ᠲᠦᠮᠡᠨ ᠣᠷᠣᠯᠴᠠᠬᠤ ᠵᠠᠷᠴᠢᠮ ᠢ ᠠᠪᠴᠤ᠂ ᠲᠣᠰ ᠲᠣᠰᠬᠤᠨ ᠤ ᠪᠣᠳᠠᠲᠤ ᠪᠠᠶᠢᠳᠠᠯ ᠳᠤ ᠴᠢᠭᠯᠡᠭᠦᠯᠦᠨ ᠲᠣᠰᠬᠤᠨ ᠤ ᠲᠦᠷᠢᠮ ᠠᠷᠠᠳ ᠤᠨ ᠭᠡᠷ᠎ᠡ ᠳᠤ ᠶᠡᠭᠡ ᠵᠠᠰᠠᠪᠤᠷᠢ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠪᠥᠭᠡᠳ ᠡᠮᠬᠢ ᠵᠢᠷᠤᠮ  ᠲᠠᠢ ᠪᠠᠷ ᠳᠥᠯᠭᠢᠨ ᠠᠬᠢᠭᠤᠯᠪᠠ᠃ ᠪᠠᠶᠠᠷ ᠪᠤᠶᠠᠨ ᠤ ᠬᠡᠷᠡᠭ ᠡᠷᠬᠢᠯᠡᠭᠴᠢᠳ ᠤᠨ ᠬᠤᠷᠠᠯ ᠵᠡᠷᠭᠡ ᠲᠠᠯ᠎ᠠ ᠪᠠᠷ᠂ ᠠᠬᠠᠮᠠᠳ ᠨᠠᠮ ᠤᠨ ᠭᠡᠰᠢᠭᠦᠨ᠂ ᠠᠬᠠᠮᠠᠳ ᠨᠤᠲᠤᠭ ᠤᠨ ᠴᠢᠳᠠᠪᠤᠷᠢᠲᠠᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠨᠠᠷ ᠢ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠪᠤᠤ ᠴᠧᠩ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠶᠳᠪᠦᠷᠢᠯᠡᠬᠦ ᠶᠠᠪᠤᠴᠠ ᠪᠠ ᠪᠠᠷᠢᠮᠵᠢᠶ᠎ᠠ ᠶᠢ ᠲᠣᠭᠲᠠᠭᠠᠵᠤ᠂  ︽ᠨᠢᠭᠡ ᠭᠡᠷ᠎ᠡ ᠳᠥᠷᠪᠡᠨ ᠬᠤᠷᠠᠯ ︾ ᠢᠶᠠᠷ ᠬᠥᠳᠡᠭᠡ ᠲᠣᠰᠬᠤᠨ ᠤ ᠮᠠᠭᠤ ᠳᠠᠳᠬᠠᠯ ᠢ ᠦᠨᠡᠨ ᠬᠦ ᠠᠷᠢᠯᠭᠠᠪᠠ᠃    ︽ᠬᠤᠷᠢᠮ ᠤᠨ ᠶᠣᠰᠣᠯᠠᠯ ᠢ ᠶᠡᠭᠡ ᠪᠠᠷ ᠬᠢᠬᠦ ᠬᠡᠷᠡᠭ ᠥᠬᠡᠶ᠂ ᠳᠠᠶᠢᠯᠠᠯᠭ᠎ᠠ ᠬᠢᠬᠦ ᠳᠤ ᠪᠦᠷᠢᠯᠭᠡᠨ ᠰᠦᠶᠳᠬᠡᠵᠦ ᠪᠣᠯᠬᠤ ᠥᠬᠡᠶ᠂ ᠠᠳᠠᠯᠢᠳᠬᠠᠵᠤ ᠪᠣᠯᠬᠤ ᠥᠬᠡᠶ︾ ᠡᠨᠡ ᠪᠣᠯ ᠪᠤᠤ ᠴᠧᠩ ᠲᠣᠰᠬᠤᠨ ᠤ ᠪᠠᠶᠠᠷ ᠪᠤᠶᠠᠨ ᠤ ᠬᠡᠷᠡᠭ ᠡᠷᠬᠢᠯᠡᠭᠴᠢᠳ ᠤᠨ ᠬᠤᠷᠠᠯ ᠪᠣᠯᠤᠨ ᠲᠣᠰᠬᠤᠨ ᠤ ᠠᠷᠠᠳ ᠤᠨ ᠪᠣᠯᠵᠤᠭ᠎ᠠ ᠪᠣᠯᠤᠨ᠎ᠠ᠃ ᠮᠥᠨ ᠴᠦ ᠪᠤᠤ ᠴᠧᠩ ᠲᠣᠰᠬᠤᠨ ᠤ ᠣᠶᠢᠷ᠎ᠠ ᠶᠢᠨ ᠵᠢᠯ ᠤᠳ ᠲᠤ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠦᠨᠡᠨ ᠪᠣᠳᠠᠲᠠᠶ ᠵᠢᠷᠤᠭᠯᠠᠯ ᠪᠣᠯᠤᠨ᠎ᠠ᠂ ᠣᠯᠠᠨ ᠢᠶᠠᠷ ᠢᠶᠠᠨ ᠠᠮᠠᠯᠠᠯᠲᠠ ᠪᠠᠨ ᠢᠳᠡᠪᠬᠢᠲᠡᠶ ᠦᠶᠯᠡᠳᠦᠯᠭᠡᠵᠢᠭᠦᠯᠵᠦ᠂ ᠲᠦᠷᠦᠭᠦᠯᠡᠨ ᠵᠢᠷᠤᠮᠯᠠᠵᠤ᠂ ᠬᠥᠳᠡᠭᠡ ᠲᠣᠰᠬᠤᠨ ᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠪᠠ᠃    ᠵᠠᠩ ᠳᠠᠳᠬᠠᠯ ᠢ ᠥᠭᠡᠷᠡᠴᠢᠯᠡᠬᠦ ᠶᠢᠨ ᠰᠠᠶᠢᠨᠲᠠᠶ ᠲᠠᠯ᠎ᠠ ᠨᠢ ᠵᠥᠪᠬᠡᠨ ᠡᠳᠡᠭᠡᠷ ᠲᠠᠯ᠎ᠠ ᠪᠠᠷ ᠢᠯᠡᠷᠡᠬᠦ ᠪᠢᠰᠢ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ᠂ ᠭᠠᠯ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠠᠵᠢᠯ  ᠤᠨ ᠲᠠᠯ᠎ᠠ ᠪᠠᠷ ᠡᠯ᠎ᠡ ᠲᠣᠰᠬᠤᠨ ᠤ ᠠᠷᠠᠳ ᠢᠳᠡᠪᠬᠢᠲᠡᠶ ᠦᠶᠯᠡᠳᠦᠯᠭᠡᠵᠢᠭᠦᠯᠵᠦ ᠪᠠᠶᠢᠨ᠎ᠠ᠃ ︽ᠥᠩᠭᠡᠷᠡᠭᠰᠡᠨ ᠳᠤ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠪᠠᠷᠤᠭᠲᠠᠢ᠂ ᠭᠡᠷ ᠤᠨ ᠡᠮᠦᠨ᠎ᠡ ᠬᠤᠶᠢᠨ᠎ᠠ ᠡᠯᠳᠡᠪ ᠶᠠᠭᠤᠮ᠎ᠠ ᠣᠪᠣᠭᠠᠯᠠᠵᠤ᠂ ᠵᠡᠭᠡᠯᠢ ᠭᠤᠳᠤᠮᠵᠢ ᠡᠮᠬᠢ ᠵᠠᠮᠪᠠᠷᠠᠭ᠎ᠠ ᠦᠭᠡᠢ ᠪᠤᠯᠵᠤ᠂ ᠨᠢᠭᠡ ᠦᠶ᠎ᠡ ᠲᠣᠰᠬᠤᠨ ᠤ ᠺᠠᠳ᠋ᠷ ᠤᠨ ᠲᠣᠯᠣᠭᠠᠢ ᠶᠢ ᠡᠪᠡᠳᠬᠡᠵᠦ ᠪᠠᠶᠢᠯ᠎ᠠ᠃︾ ᠣᠲᠣ ᠶᠢᠨ ᠲᠣᠰᠬᠤᠨ ᠤ ᠵᠡᠭᠡᠯᠢ ᠭᠤᠳᠤᠮᠵᠢ ᠴᠡᠪᠡᠷ ᠴᠡᠮᠴᠡᠭᠡᠷ᠂ ᠬᠡᠷ ᠪᠠᠶᠢᠰᠢᠩ ᠤᠨ ᠡᠮᠦᠨ᠎ᠡ ᠬᠤᠶᠢᠨ᠎ᠠ ᠴᠣ ᠰᠢᠨ᠎ᠡ ᠪᠣᠯᠤᠭᠰᠠᠨ ᠨᠢ ᠶᠠᠭ ᠲᠣᠰᠬᠤᠨ ᠤ ᠲᠦᠷᠢᠮ ᠠᠷᠠᠳ ᠤᠨ ᠭᠡᠷ᠎ᠡ ᠶᠡᠭᠡ ᠦᠶᠯᠡᠳᠦᠯ ᠦᠵᠡᠭᠦᠯᠦᠭᠰᠡᠨ ᠠᠴᠠ ᠪᠣᠯᠤᠭᠰᠠᠨ ᠶᠤᠮ᠃    ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠣᠷᠴᠢᠨ ᠲᠣᠭᠤᠷᠢᠨ ᠨᠢ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠠᠷᠠᠳ ᠣᠯᠠᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠠᠵᠠ ᠲᠣᠬᠢᠶᠠᠯ ᠢ ᠠᠪᠴᠢᠷᠠᠵᠤ᠂ ᠪᠤᠤ ᠴᠧᠩ ᠲᠣᠰᠬᠤᠨ ᠤ ᠬᠥᠳᠡᠭᠡ ᠲᠣᠰᠬᠤᠨ ᠤ ᠵᠢᠭᠤᠯᠴᠢᠯᠠᠯ ᠲᠠᠰᠤᠷᠠᠯᠲᠠ ᠥᠬᠡᠶ ᠰᠠᠶᠢᠵᠢᠷᠠᠵᠤ᠂ ᠬᠥᠳᠡᠭᠡ ᠲᠣᠰᠬᠤᠨ ᠪᠠ ᠵᠢᠭᠤᠯᠴᠢᠯᠠᠯ ᠤᠨ ᠠᠭᠤᠰᠤᠯᠴᠠᠯ ᠬᠢᠭᠡᠳ ᠦᠵᠡᠮᠵᠢ ᠶᠢᠨ ᠲᠣᠰᠬᠤᠨ ᠤ ᠬᠠᠷᠢᠯᠴᠠᠨ ᠰᠢᠭᠢᠳᠬᠡᠬᠦ ᠠᠵᠢᠯ ᠲᠠᠰᠤᠷᠠᠯᠲᠠ ᠥᠬᠡᠶ ᠭᠦᠨᠵᠡᠭᠡᠶᠢᠷᠡᠵᠦ᠂ ᠲᠣᠰᠬᠤᠨ ᠤ ᠠᠷᠠᠳ ᠤᠨ ᠣᠷᠣᠯᠭ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠡᠷ ᠤᠨ ᠡᠭᠦᠳᠡᠨ ᠳᠠᠬᠢ ᠠᠵᠢᠯ ᠣᠯᠭᠤᠯᠲᠠ ᠶᠢ ᠪᠡᠶᠡᠯᠡᠭᠦᠯᠵᠦ᠂ ᠬᠡᠪ ᠵᠠᠩᠰᠢᠯ ᠢ ᠥᠭᠡᠷᠡᠴᠢᠯᠡᠬᠦ ᠪᠢᠷ ᠢᠶᠠᠷ ᠪᠣᠯᠪᠠᠰᠤᠨ ᠬᠥᠳᠡᠭᠡ ᠲᠣᠰᠬᠤᠨ ᠤ ᠪᠠᠶᠠᠷ  ᠤᠨ ᠡᠳᠦᠷ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠵᠢᠷᠤᠭᠯᠠᠪᠠ᠃    ᠬᠡᠪ ᠵᠠᠩᠰᠢᠯ ᠢ ᠦᠭᠡᠷᠡᠴᠢᠯᠡᠬᠦ ᠨᠢ᠂ ᠲᠥᠪ ᠪᠤᠰᠤ ᠰᠤᠷᠲᠠᠯ ᠢ ᠦᠭᠡᠷᠡᠴᠢᠯᠡᠵᠦ ᠮᠠᠭᠤ ᠮᠠᠭᠤᠬᠠᠢ ᠮᠠᠭᠤ ᠳᠠᠳᠬᠠᠯ  ᠢ ᠥᠭᠡᠷᠡᠴᠢᠯᠡᠵᠦ᠂ ᠪᠣᠯᠪᠠᠰᠤᠨ ᠤ ᠬᠦᠴᠦᠨ ᠢ ᠳᠡᠭᠡᠭᠰᠢᠯᠡᠭᠦᠯᠵᠦ᠂ ᠥᠷᠭᠡᠨ ᠤᠯᠠᠨ ᠦᠨᠳᠦᠰᠦᠨ ᠱᠠᠲᠤᠨ ᠤ ᠠᠷᠠᠳ ᠲᠦᠮᠡᠨ ᠳᠤ ᠠᠰᠢᠭ ᠬᠦᠷᠲᠡᠭᠡᠬᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠤᠤ ᠱᠢ ᠪᠠᠯᠭᠠᠰᠤ ᠦᠷᠭᠦᠯᠵᠢᠯᠡᠨ ᠬᠡᠪ ᠵᠠᠩᠰᠢᠯ ᠢ ᠥᠭᠡᠷᠡᠴᠢᠯᠡᠬᠦ ᠠᠵᠢᠯ ᠤᠨ ᠳᠤᠮᠳᠠ᠂ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶᠢ ᠰᠡᠬᠦᠵᠦ᠂ ᠪᠣᠳᠠᠲᠠᠶ ᠠᠵᠢᠯ ᠬᠢᠵᠦ᠂ ᠰᠠᠶᠢᠨ ᠰᠠᠶᠢᠬᠠᠨ ᠣᠶᠤᠨ ᠤ ᠪᠣᠯᠪᠠᠰᠤᠨ ᠤ ᠬᠡᠪ ᠰᠤᠷᠲᠠᠯ ᠢ ᠪᠣᠶ ᠪᠣᠯᠭᠠᠵᠤ᠂ ᠦᠨᠳᠦᠰᠦᠨ ᠱᠠᠲᠤᠨ ᠤ ᠡᠬᠡ ᠭᠠᠵᠠᠷ ᠢ ᠴᠡᠪᠡᠷᠯᠡᠬᠦ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号