︽ᠲᠦᠷᠦᠭᠦᠬᠡᠨ ᠬᠤᠳᠠᠯᠳᠤᠨ ᠠᠪᠤᠭᠰᠠᠨ ᠦᠬᠡᠷ ᠬᠤᠨᠢ ᠨᠡᠯᠢᠶᠡᠳ ᠣᠯᠠᠨ᠂ ᠭᠦᠶᠯᠭᠡᠭᠡᠨ ᠤ ᠪᠠᠯᠠ ᠮᠥᠩᠭᠦ | ᠬᠦᠷᠦᠯᠴᠡᠬᠦ ᠥᠬᠡᠶ᠂ ᠵᠣᠭᠤᠰ ᠮᠥᠩᠭᠦ ᠪᠠᠰᠠ ᠬᠦᠷᠦᠯᠴᠡᠬᠦ ᠥᠬᠡᠶ᠂ ᠪᠠᠴᠢᠮᠳᠠᠵᠤ ᠪᠠᠶᠢᠭᠰᠠᠨ ᠦᠶ᠎ᠡ ᠳᠤ ᠪᠠᠨ ᠪᠤᠤ | ᠱᠢ ᠪᠠᠯᠭᠠᠰᠤᠨ ᠤ ᠢᠲᠡᠭᠡᠮᠵᠢ ᠶᠢᠨ ᠬᠤᠷᠰᠢᠶ᠎ᠠ ᠰᠠᠨᠠᠭᠠᠴᠢᠯᠠᠭ᠎ᠠ ᠠᠴᠠ ᠪᠠᠨ ᠡᠷᠦᠬᠡ ᠳᠤ ᠬᠦᠷᠴᠦ ᠲᠥᠷᠥ ᠶᠢᠨ | ᠪᠣᠳᠣᠯᠭ᠎ᠠ᠂ ᠦᠶᠯᠡᠴᠢᠯᠡᠭᠡ ᠬᠦᠷᠭᠡᠵᠦ᠂ ᠨᠠᠳᠠ ᠳᠤ 10 ᠲᠦᠮᠡᠨ ᠲᠥᠭᠦᠷᠢᠭ ᠤᠨ ᠵᠢᠭᠡᠯᠡᠯᠭᠡ ᠥᠭᠴᠦ᠂ ᠮᠢᠨᠦ | ᠪᠠᠴᠢᠮ ᠪᠠᠶᠢᠳᠠᠯ ᠢ ᠰᠢᠶᠳᠪᠦᠷᠢᠯᠡᠪᠡ᠂ ᠦᠨᠡᠬᠡᠷ ᠳᠠᠭᠠᠷᠠᠭᠰᠠᠨ ᠬᠥᠮᠦᠨ ᠳᠤ ᠳᠠᠬᠤ ᠬᠦᠷᠭᠡᠵᠦ ᠪᠠᠶᠢᠨ᠎ᠠ︕︾ ᠭᠡᠵᠦ | ᠪᠤᠤ ᠴᠧᠩ ᠲᠣᠰᠬᠤᠨ ᠤ ᠠᠷᠠᠳ ᠰᠢᠤᠢ ᠺᠧ ᠯᠢ ᠢᠲᠡᠭᠡᠮᠵᠢ ᠶᠢᠨ ᠬᠤᠷᠰᠢᠶᠠᠨ ᠤ ᠠᠵᠢᠯᠳᠠᠨ ᠤ ᠭᠠᠷ ᠢ ᠴᠢᠩᠭ᠎ᠠ | ᠠᠳᠬᠤᠨ ᠬᠡᠯᠡᠪᠡ᠃ | | ᠣᠶᠢᠷ᠎ᠠ ᠶᠢᠨ ᠵᠢᠯ ᠠᠴᠠ ᠨᠠᠭᠠᠰᠢ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠲᠠᠢ ᠢᠳᠡᠪᠬᠢᠲᠡᠶ ᠬᠤᠯᠪᠣᠭᠠᠯᠠᠨ ᠮᠥᠩᠭᠦᠨ ᠭᠦᠶᠯᠭᠡᠭᠡᠨ ᠤ | ᠦᠶᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠰᠢᠷᠢᠰ ᠠᠵᠢᠯ ᠢ ᠥᠷᠨᠢᠭᠦᠯᠵᠦ᠂ ᠲᠡᠵᠢᠭᠡᠨ ᠦᠷᠡᠵᠢᠭᠦᠯᠬᠦ | ᠡᠷᠦᠬᠡ᠂ ᠲᠠᠷᠢᠮᠠᠯ ᠤᠨ ᠡᠷᠦᠬᠡ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠣᠯᠠᠨ ᠲᠦᠮᠡᠨ ᠤ ᠮᠥᠩᠭᠦᠨ | ᠭᠦᠶᠯᠭᠡᠭᠡᠨ ᠤ ᠦᠶᠯᠡᠴᠢᠯᠡᠭᠡᠨ ᠳᠠᠬᠢ ᠠᠰᠠᠭᠤᠳᠠᠯ ᠪᠠ ᠲᠥᠭᠡᠷᠢᠭᠳᠡᠯ ᠳᠤ ᠨᠠᠷᠢᠨ ᠲᠠᠶᠢᠯᠤᠮᠵᠢ ᠬᠢᠵᠦ᠂ ᠲᠠᠷᠢᠶᠠᠴᠢᠨ | ᠡᠷᠦᠬᠡ ᠳᠤ ︽ᠪᠣᠳᠠᠲᠠᠶ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠬᠤ︾ ᠲᠣᠰ ᠪᠡᠶ᠎ᠡ ᠶᠢᠨ ᠮᠥᠩᠭᠦᠨ ᠭᠦᠶᠯᠭᠡᠭᠡᠨ | ᠤ ᠦᠶᠯᠡᠴᠢᠯᠡᠭᠡ ᠶᠢ ᠬᠠᠩᠭᠠᠵᠤ᠂ ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠦᠨᠡᠨ ᠬᠦ ᠦᠨᠳᠦᠰᠦᠨ ᠱᠠᠲᠤ ᠠᠴᠠ | ︽ᠥᠴᠦᠬᠡᠨ ᠴᠦ ᠵᠠᠶ ᠥᠬᠡᠶ︾ ᠪᠠᠶᠢᠯᠭᠠᠵᠤ᠂ ᠠᠷᠠᠳ ᠣᠯᠠᠨ ᠤ ᠠᠵᠢᠯ ᠬᠢᠵᠦ ᠦᠶᠯᠡᠰ ᠴᠣᠭᠴᠠᠯᠠᠬᠤ ᠪᠠᠯᠠ | ᠮᠥᠩᠭᠦ ᠬᠦᠷᠦᠯᠴᠡᠬᠦ ᠥᠬᠡᠶ ᠪᠠᠶᠢᠬᠤ ᠬᠦᠴᠢᠷ ᠠᠰᠠᠭᠤᠳᠠᠯ ᠢ ᠰᠢᠶᠳᠪᠦᠷᠢᠯᠡᠵᠦ᠂ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠳᠤ ᠬᠦᠴᠦᠨ ᠨᠡᠮᠡᠷᠢᠯᠡᠪᠡ᠃ | ︽ᠪᠢ ᠲᠡᠵᠢᠭᠡᠨ ᠦᠷᠡᠵᠢᠭᠦᠯᠬᠦ ᠠᠵᠢᠯ ᠬᠢᠭᠡᠳ ᠣᠯᠠᠨ ᠵᠢᠯ ᠪᠣᠯᠵᠣ ᠪᠠᠶᠢᠨ᠎ᠠ᠂ ᠪᠠᠯᠠ ᠮᠥᠩᠭᠦ ᠶᠢᠨ ᠬᠡᠷᠡᠭᠴᠡᠭᠡ | ᠨᠡᠯᠢᠶᠡᠳ ᠶᠡᠭᠡ ᠪᠠᠶᠢᠨ᠎ᠠ᠂ ᠵᠢᠭᠡᠯᠡᠯᠭᠡ ᠠᠪᠤᠭᠰᠠᠨ ᠠᠴᠠ ᠨᠠᠰᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ | ᠶᠢ ᠰᠣᠩᠭᠤᠵᠤ᠂ ᠲᠤᠬᠠᠶᠢᠯᠠᠭᠰᠠᠨ ᠠᠵᠢᠯ ᠨᠢ ᠲᠦᠷᠭᠡᠨ᠂ ᠦᠶᠯᠡᠴᠢᠯᠡᠭᠡᠨ ᠤ ᠣᠪᠣᠷ ᠨᠢ ᠰᠠᠶᠢᠨ᠂ ᠢᠲᠡᠭᠡᠮᠵᠢ ᠶᠢᠨ | ᠪᠠᠶᠢᠴᠠᠭᠠᠨ ᠯᠠᠪᠯᠠᠬᠤ ᠪᠠᠷ ᠳᠡᠮᠵᠢᠨ ᠪᠠᠷᠢᠮᠵᠢᠶ᠎ᠠ ᠳᠤ ᠨᠡᠶᠢᠴᠡᠪᠡᠯ ᠳᠠᠷᠤᠶ ᠵᠢᠭᠡᠯᠡᠯᠭᠡ ᠵᠢᠭᠡᠯᠡᠵᠦ ᠪᠣᠯᠤᠨ᠎ᠠ᠂ ᠵᠢᠭᠡᠯᠡᠯᠭᠡ | ᠪᠤᠴᠠᠭᠠᠬᠤ ᠳᠤ ᠰᠢᠭᠤᠳ ᠭᠠᠷ ᠤᠲᠠᠰᠤᠨ ᠳᠡᠭᠡᠷ᠎ᠡ ᠳᠥᠯᠥᠵᠦ ᠪᠣᠯᠤᠨ᠎ᠠ᠂ ᠡᠨᠡ ᠨᠢ ᠲᠤᠶᠢᠯ ᠤᠨ ᠲᠥᠬᠦᠮ ᠪᠣᠯᠵᠠᠶ᠃ | ︾ ᠪᠤᠤ ᠴᠧᠩ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠪᠤᠤ ᠬᠠᠢ ᠬᠤᠸᠠ ᠢᠨᠢᠶᠡᠮᠰᠦᠭᠯᠡᠨ ᠬᠡᠯᠡᠪᠡ᠃ | ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠡᠨᠡ ᠬᠦ ᠦᠶᠯᠡᠴᠢᠯᠡᠭᠡ ᠨᠢ | ᠲᠠᠷᠢᠮᠠᠯ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠠᠰᠠᠭᠤᠳᠠᠯ ᠢ ᠰᠢᠶᠳᠪᠦᠷᠢᠯᠡᠭᠰᠡᠨ ᠢᠶᠠᠷ ᠪᠠᠷᠠᠬᠤ ᠥᠬᠡᠶ᠂ | ᠨᠠᠩ ᠴᠤ ᠮᠠᠰᠢ ᠣᠯᠠᠨ ᠲᠠᠷᠢᠶᠠᠴᠢᠨ ᠡᠷᠦᠬᠡ ᠳᠤ ᠢᠲᠡᠭᠡᠮᠵᠢ ᠶᠢᠨ ᠬᠤᠷᠰᠢᠶ᠎ᠠ ᠶᠢᠨ ᠬᠠᠯᠠᠭᠤᠮᠰᠤᠭ ᠦᠶᠯᠡᠴᠢᠯᠡᠬᠦ | ᠣᠪᠣᠷ ᠪᠠ ᠲᠤᠰᠬᠠᠶ ᠮᠡᠷᠭᠡᠵᠢᠯ ᠤᠨ ᠦᠶᠯᠡᠴᠢᠯᠡᠬᠦ ᠴᠢᠳᠠᠪᠤᠷᠢ ᠶᠢ ᠮᠡᠳᠡᠷᠡᠭᠦᠯᠪᠡ᠃ | | ︽ᠠᠬ᠎ᠠ ᠠ᠂ ᠡᠨᠡ ᠤᠳᠠᠭ᠎ᠠ ᠲᠠ ᠬᠡᠳᠦᠢ ᠵᠢᠭᠡᠯᠡᠬᠦ ᠰᠠᠨᠠᠭ᠎ᠠ ᠲᠠᠢ ᠪᠤᠢ᠂ ᠲᠠᠨ ᠤ ᠭᠡᠷ ᠤᠨ ᠢᠳᠡᠭᠡᠮᠵᠢ ᠶᠡᠷᠦ | ᠠᠴᠠ ᠪᠠᠨ ᠶᠡᠭᠡ ᠰᠠᠶᠢᠨ᠂ ᠡᠨᠡ ᠤᠳᠠᠭ᠎ᠠ ᠲᠠᠨ ᠳᠤ ᠢᠯᠡᠭᠦᠬᠡᠨ ᠰᠢᠭ ᠡᠷᠡᠮᠡᠯᠵᠡᠯᠡᠵᠦ ᠪᠣᠯᠤᠨ᠎ᠠ᠃︾ ᠭᠡᠵᠦ ᠪᠤᠤ | ᠱᠢ ᠢᠲᠡᠭᠡᠮᠵᠢ ᠶᠢᠨ ᠬᠤᠷᠰᠢᠶᠠᠨ ᠤ ᠠᠵᠢᠯᠲᠠᠨ ᠯᠢ ᠵᠠᠨ ᠭᠠᠩ ᠬᠡᠯᠡᠪᠡ᠃ ᠥᠷᠯᠥᠭᠡ ᠡᠷᠲᠡ᠂ ᠪᠦ᠋ᠦ ᠱᠢ ᠪᠠᠯᠭᠠᠰᠤᠨ | ᠤ ᠢᠲᠡᠭᠡᠮᠵᠢ ᠶᠢᠨ ᠬᠤᠷᠰᠢᠶ᠎ᠠ ᠶᠢᠨ 2 ᠠᠵᠢᠯᠲᠠᠨ ᠲᠡᠵᠢᠭᠡᠨ ᠦᠷᠡᠵᠢᠭᠦᠯᠬᠦ ᠡᠷᠦᠬᠡ ᠵᠧᠦ ᠴᠢᠤᠸᠠᠨ ᠵᠥᠩ ᠤᠨ ᠬᠡᠷ | ᠲᠤ ᠬᠦᠷᠴᠦ᠂ ᠢᠲᠡᠭᠡᠮᠵᠢ ᠶᠢ ᠭᠥᠯᠢᠶᠡᠨ ᠠᠪᠴᠤ ᠰᠢᠶᠳᠪᠦᠷᠢᠯᠡᠬᠦ ᠶᠠᠪᠤᠴᠠ ᠪᠠᠷ ᠳᠡᠮᠵᠢᠨ᠂ ᠬᠡᠷ ᠪᠦᠯᠢ ᠶᠢᠨ ᠪᠠᠶᠢᠳᠠᠯ | ᠂ ᠠᠵᠤ ᠠᠬᠤᠶ ᠶᠢᠨ ᠣᠷᠣᠯᠭ᠎ᠠ ᠶᠢᠨ ᠢᠷᠡᠯᠲᠡ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠶᠢᠯᠠᠭᠠᠵᠤ᠂ | ᠰᠢᠰᠲ᠋ᠧᠮ ᠢᠶᠠᠷ ᠲᠥᠰᠦᠭᠡᠯᠡᠨ ᠪᠤᠳᠤᠵᠤ᠂ ᠢᠲᠡᠭᠡᠮᠵᠢ ᠶᠢᠨ ᠲᠤᠭ᠎ᠠ ᠬᠡᠮᠵᠢᠶ᠎ᠡ ᠣᠯᠭᠤᠵᠤ᠂ ᠬᠤᠶᠠᠷ ᠴᠠᠭ ᠪᠣᠯᠤᠯ | ᠥᠬᠡᠶ ᠪᠠᠷ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠪᠡ᠃ | ︽ᠥᠩᠭᠡᠷᠡᠭᠰᠡᠨ ᠳᠤ ᠬᠡᠳᠦᠨ ᠡᠳᠦᠷ ᠬᠡᠷᠡᠭᠰᠡᠪᠡᠯ ᠰᠠᠶ᠋ᠢ ᠵᠢᠭᠡᠯᠡᠯᠭᠡ ᠶᠢ ᠪᠡᠶᠡᠯᠡᠭᠦᠯᠵᠦ ᠴᠢᠳᠠᠨ᠎ᠠ᠂ ᠣᠲᠣ | ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ 2 ᠴᠠᠭ ᠲᠤ ᠪᠥᠬᠦ ᠵᠢᠭᠡᠯᠡᠯᠭᠡ ᠶᠢᠨ ᠶᠠᠪᠤᠴᠠ ᠶᠢ ᠪᠡᠶᠡᠯᠡᠭᠦᠯᠵᠦ᠂ | ᠲᠤᠬᠠᠶᠢᠯᠠᠭᠰᠠᠨ ᠠᠵᠢᠯ ᠤᠨ ᠴᠠᠭ ᠢ ᠪᠣᠭᠤᠨᠢᠰᠬᠠᠵᠤ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ | ᠪᠠᠶᠢᠨ᠎ᠠ᠃︾ ᠭᠡᠵᠦ ᠪᠤᠤ ᠴᠧᠩ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠵᠧᠦ ᠴᠢᠤᠸᠠᠨ ᠵᠥᠩ ᠬᠡᠯᠡᠪᠡ᠃ | ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠤᠯᠠᠨ ᠲᠦᠮᠡᠨ ᠤ ᠪᠡᠯᠡ ᠮᠥᠩᠭᠦ ᠶᠢᠨ ᠬᠦᠴᠢᠷ ᠠᠰᠠᠭᠤᠳᠠᠯ ᠢ | ᠰᠢᠢᠳᠪᠦᠷᠢᠯᠡᠭᠰᠡᠨ ᠢᠶᠠᠷ ᠪᠠᠷᠠᠬᠤ ᠦᠭᠡᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠪᠤᠤ ᠱᠢ ᠪᠠᠯᠭᠠᠰᠤᠨ ᠤ ᠵᠠᠰᠠᠭ ᠤᠨ ᠣᠷᠳᠣᠨ ᠦᠷᠭᠦᠯᠵᠢᠯᠡᠨ | ᠢᠲᠡᠭᠡᠮᠵᠢ ᠶᠢᠨ ᠬᠤᠷᠰᠢᠶ᠎ᠠ ᠲᠠᠢ ᠬᠤᠯᠪᠣᠭᠠᠯᠠᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠬᠠᠮᠢᠶ᠎ᠠ ᠪᠥᠬᠦᠶ ᠠᠵᠢᠯ | ᠢ ᠰᠠᠶᠢᠲᠤᠷ ᠥᠷᠨᠢᠭᠦᠯᠵᠦ᠂ ᠲᠠᠷᠢᠶᠠᠴᠢᠨ ᠡᠷᠦᠬᠡ ᠶᠢᠨ ᠠᠵᠢᠯ ᠬᠢᠵᠦ ᠦᠶᠯᠡᠰ ᠪᠤᠰᠬᠠᠬᠤ ᠬᠦᠴᠢᠷᠳᠡᠯ ᠢ | ᠨᠡᠪᠲᠡᠷᠡᠭᠦᠯᠵᠦ᠂ ᠦᠶᠯᠡᠴᠢᠯᠡᠭᠡᠨ ᠤ ᠬᠠᠮᠤᠭ ᠡᠴᠦᠰ ᠤᠨ ᠥᠷᠲᠡᠭᠡ ᠶᠢ ᠨᠡᠪᠲᠡᠷᠡᠭᠦᠯᠦᠨ᠎ᠡ᠃ |