︽ᠠᠰᠠᠷᠠᠭᠴᠢ ᠮᠠᠶ᠋ᠢᠭ︾ ᠤᠨ ᠮᠥᠩᠭᠦᠨ ᠭᠦᠶᠯᠭᠡᠭᠡᠨ ᠤ ᠦᠶᠯᠡᠴᠢᠯᠡᠭᠡ ᠪᠠᠷ ᠬᠥᠳᠡᠭᠡ ᠲᠣᠰᠬᠤᠨ ᠤ ᠠᠵᠤ ᠦᠶᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/22
   ︽ᠲᠦᠷᠦᠭᠦᠬᠡᠨ ᠬᠤᠳᠠᠯᠳᠤᠨ ᠠᠪᠤᠭᠰᠠᠨ ᠦᠬᠡᠷ ᠬᠤᠨᠢ ᠨᠡᠯᠢᠶᠡᠳ ᠣᠯᠠᠨ᠂ ᠭᠦᠶᠯᠭᠡᠭᠡᠨ ᠤ ᠪᠠᠯᠠ ᠮᠥᠩᠭᠦ ᠬᠦᠷᠦᠯᠴᠡᠬᠦ ᠥᠬᠡᠶ᠂ ᠵᠣᠭᠤᠰ ᠮᠥᠩᠭᠦ ᠪᠠᠰᠠ ᠬᠦᠷᠦᠯᠴᠡᠬᠦ ᠥᠬᠡᠶ᠂ ᠪᠠᠴᠢᠮᠳᠠᠵᠤ ᠪᠠᠶᠢᠭᠰᠠᠨ ᠦᠶ᠎ᠡ ᠳᠤ ᠪᠠᠨ ᠪᠤᠤ ᠱᠢ ᠪᠠᠯᠭᠠᠰᠤᠨ ᠤ ᠢᠲᠡᠭᠡᠮᠵᠢ ᠶᠢᠨ ᠬᠤᠷᠰᠢᠶ᠎ᠠ ᠰᠠᠨᠠᠭᠠᠴᠢᠯᠠᠭ᠎ᠠ ᠠᠴᠠ ᠪᠠᠨ ᠡᠷᠦᠬᠡ ᠳᠤ ᠬᠦᠷᠴᠦ ᠲᠥᠷᠥ ᠶᠢᠨ ᠪᠣᠳᠣᠯᠭ᠎ᠠ᠂ ᠦᠶᠯᠡᠴᠢᠯᠡᠭᠡ ᠬᠦᠷᠭᠡᠵᠦ᠂ ᠨᠠᠳᠠ ᠳᠤ 10 ᠲᠦᠮᠡᠨ ᠲᠥᠭᠦᠷᠢᠭ ᠤᠨ ᠵᠢᠭᠡᠯᠡᠯᠭᠡ ᠥᠭᠴᠦ᠂ ᠮᠢᠨᠦ ᠪᠠᠴᠢᠮ ᠪᠠᠶᠢᠳᠠᠯ ᠢ ᠰᠢᠶᠳᠪᠦᠷᠢᠯᠡᠪᠡ᠂ ᠦᠨᠡᠬᠡᠷ ᠳᠠᠭᠠᠷᠠᠭᠰᠠᠨ ᠬᠥᠮᠦᠨ ᠳᠤ ᠳᠠᠬᠤ ᠬᠦᠷᠭᠡᠵᠦ ᠪᠠᠶᠢᠨ᠎ᠠ︕︾ ᠭᠡᠵᠦ ᠪᠤᠤ ᠴᠧᠩ ᠲᠣᠰᠬᠤᠨ ᠤ ᠠᠷᠠᠳ ᠰᠢᠤᠢ ᠺᠧ ᠯᠢ ᠢᠲᠡᠭᠡᠮᠵᠢ ᠶᠢᠨ ᠬᠤᠷᠰᠢᠶᠠᠨ ᠤ ᠠᠵᠢᠯᠳᠠᠨ ᠤ ᠭᠠᠷ ᠢ ᠴᠢᠩᠭ᠎ᠠ ᠠᠳᠬᠤᠨ ᠬᠡᠯᠡᠪᠡ᠃
   ᠣᠶᠢᠷ᠎ᠠ ᠶᠢᠨ ᠵᠢᠯ ᠠᠴᠠ ᠨᠠᠭᠠᠰᠢ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠲᠠᠢ ᠢᠳᠡᠪᠬᠢᠲᠡᠶ ᠬᠤᠯᠪᠣᠭᠠᠯᠠᠨ ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠰᠢᠷᠢᠰ ᠠᠵᠢᠯ ᠢ ᠥᠷᠨᠢᠭᠦᠯᠵᠦ᠂ ᠲᠡᠵᠢᠭᠡᠨ ᠦᠷᠡᠵᠢᠭᠦᠯᠬᠦ ᠡᠷᠦᠬᠡ᠂ ᠲᠠᠷᠢᠮᠠᠯ ᠤᠨ ᠡᠷᠦᠬᠡ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠣᠯᠠᠨ ᠲᠦᠮᠡᠨ ᠤ ᠮᠥᠩᠭᠦᠨ ᠭᠦᠶᠯᠭᠡᠭᠡᠨ ᠤ ᠦᠶᠯᠡᠴᠢᠯᠡᠭᠡᠨ ᠳᠠᠬᠢ ᠠᠰᠠᠭᠤᠳᠠᠯ ᠪᠠ ᠲᠥᠭᠡᠷᠢᠭᠳᠡᠯ ᠳᠤ ᠨᠠᠷᠢᠨ ᠲᠠᠶᠢᠯᠤᠮᠵᠢ ᠬᠢᠵᠦ᠂ ᠲᠠᠷᠢᠶᠠᠴᠢᠨ ᠡᠷᠦᠬᠡ ᠳᠤ ︽ᠪᠣᠳᠠᠲᠠᠶ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠬᠤ︾ ᠲᠣᠰ ᠪᠡᠶ᠎ᠡ ᠶᠢᠨ ᠮᠥᠩᠭᠦᠨ ᠭᠦᠶᠯᠭᠡᠭᠡᠨ  ᠤ ᠦᠶᠯᠡᠴᠢᠯᠡᠭᠡ ᠶᠢ ᠬᠠᠩᠭᠠᠵᠤ᠂ ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠦᠨᠡᠨ ᠬᠦ ᠦᠨᠳᠦᠰᠦᠨ ᠱᠠᠲᠤ  ᠠᠴᠠ ︽ᠥᠴᠦᠬᠡᠨ ᠴᠦ ᠵᠠᠶ ᠥᠬᠡᠶ︾ ᠪᠠᠶᠢᠯᠭᠠᠵᠤ᠂ ᠠᠷᠠᠳ ᠣᠯᠠᠨ ᠤ ᠠᠵᠢᠯ ᠬᠢᠵᠦ ᠦᠶᠯᠡᠰ ᠴᠣᠭᠴᠠᠯᠠᠬᠤ ᠪᠠᠯᠠ ᠮᠥᠩᠭᠦ ᠬᠦᠷᠦᠯᠴᠡᠬᠦ ᠥᠬᠡᠶ ᠪᠠᠶᠢᠬᠤ ᠬᠦᠴᠢᠷ ᠠᠰᠠᠭᠤᠳᠠᠯ ᠢ ᠰᠢᠶᠳᠪᠦᠷᠢᠯᠡᠵᠦ᠂ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠪᠡ᠃    ︽ᠪᠢ ᠲᠡᠵᠢᠭᠡᠨ ᠦᠷᠡᠵᠢᠭᠦᠯᠬᠦ ᠠᠵᠢᠯ ᠬᠢᠭᠡᠳ ᠣᠯᠠᠨ ᠵᠢᠯ ᠪᠣᠯᠵᠣ ᠪᠠᠶᠢᠨ᠎ᠠ᠂ ᠪᠠᠯᠠ ᠮᠥᠩᠭᠦ ᠶᠢᠨ ᠬᠡᠷᠡᠭᠴᠡᠭᠡ ᠨᠡᠯᠢᠶᠡᠳ ᠶᠡᠭᠡ ᠪᠠᠶᠢᠨ᠎ᠠ᠂ ᠵᠢᠭᠡᠯᠡᠯᠭᠡ ᠠᠪᠤᠭᠰᠠᠨ ᠠᠴᠠ ᠨᠠᠰᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ  ᠶᠢ ᠰᠣᠩᠭᠤᠵᠤ᠂ ᠲᠤᠬᠠᠶᠢᠯᠠᠭᠰᠠᠨ ᠠᠵᠢᠯ ᠨᠢ ᠲᠦᠷᠭᠡᠨ᠂ ᠦᠶᠯᠡᠴᠢᠯᠡᠭᠡᠨ ᠤ ᠣᠪᠣᠷ ᠨᠢ ᠰᠠᠶᠢᠨ᠂ ᠢᠲᠡᠭᠡᠮᠵᠢ ᠶᠢᠨ ᠪᠠᠶᠢᠴᠠᠭᠠᠨ ᠯᠠᠪᠯᠠᠬᠤ ᠪᠠᠷ ᠳᠡᠮᠵᠢᠨ ᠪᠠᠷᠢᠮᠵᠢᠶ᠎ᠠ ᠳᠤ ᠨᠡᠶᠢᠴᠡᠪᠡᠯ ᠳᠠᠷᠤᠶ ᠵᠢᠭᠡᠯᠡᠯᠭᠡ ᠵᠢᠭᠡᠯᠡᠵᠦ ᠪᠣᠯᠤᠨ᠎ᠠ᠂ ᠵᠢᠭᠡᠯᠡᠯᠭᠡ ᠪᠤᠴᠠᠭᠠᠬᠤ ᠳᠤ ᠰᠢᠭᠤᠳ ᠭᠠᠷ ᠤᠲᠠᠰᠤᠨ ᠳᠡᠭᠡᠷ᠎ᠡ ᠳᠥᠯᠥᠵᠦ ᠪᠣᠯᠤᠨ᠎ᠠ᠂ ᠡᠨᠡ ᠨᠢ ᠲᠤᠶᠢᠯ ᠤᠨ ᠲᠥᠬᠦᠮ ᠪᠣᠯᠵᠠᠶ᠃︾  ᠪᠤᠤ ᠴᠧᠩ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠪᠤᠤ ᠬᠠᠢ ᠬᠤᠸᠠ ᠢᠨᠢᠶᠡᠮᠰᠦᠭᠯᠡᠨ ᠬᠡᠯᠡᠪᠡ᠃    ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠡᠨᠡ ᠬᠦ ᠦᠶᠯᠡᠴᠢᠯᠡᠭᠡ  ᠨᠢ ᠲᠠᠷᠢᠮᠠᠯ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠠᠰᠠᠭᠤᠳᠠᠯ ᠢ ᠰᠢᠶᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠮᠠᠰᠢ ᠣᠯᠠᠨ ᠲᠠᠷᠢᠶᠠᠴᠢᠨ ᠡᠷᠦᠬᠡ ᠳᠤ ᠢᠲᠡᠭᠡᠮᠵᠢ ᠶᠢᠨ ᠬᠤᠷᠰᠢᠶ᠎ᠠ ᠶᠢᠨ ᠬᠠᠯᠠᠭᠤᠮᠰᠤᠭ ᠦᠶᠯᠡᠴᠢᠯᠡᠬᠦ ᠣᠪᠣᠷ ᠪᠠ ᠲᠤᠰᠬᠠᠶ ᠮᠡᠷᠭᠡᠵᠢᠯ ᠤᠨ ᠦᠶᠯᠡᠴᠢᠯᠡᠬᠦ ᠴᠢᠳᠠᠪᠤᠷᠢ ᠶᠢ ᠮᠡᠳᠡᠷᠡᠭᠦᠯᠪᠡ᠃
   ︽ᠠᠬ᠎ᠠ ᠠ᠂ ᠡᠨᠡ ᠤᠳᠠᠭ᠎ᠠ ᠲᠠ ᠬᠡᠳᠦᠢ ᠵᠢᠭᠡᠯᠡᠬᠦ ᠰᠠᠨᠠᠭ᠎ᠠ ᠲᠠᠢ ᠪᠤᠢ᠂ ᠲᠠᠨ ᠤ ᠭᠡᠷ ᠤᠨ ᠢᠳᠡᠭᠡᠮᠵᠢ ᠶᠡᠷᠦ  ᠠᠴᠠ ᠪᠠᠨ ᠶᠡᠭᠡ ᠰᠠᠶᠢᠨ᠂ ᠡᠨᠡ ᠤᠳᠠᠭ᠎ᠠ ᠲᠠᠨ ᠳᠤ ᠢᠯᠡᠭᠦᠬᠡᠨ ᠰᠢᠭ ᠡᠷᠡᠮᠡᠯᠵᠡᠯᠡᠵᠦ ᠪᠣᠯᠤᠨ᠎ᠠ᠃︾ ᠭᠡᠵᠦ ᠪᠤᠤ ᠱᠢ ᠢᠲᠡᠭᠡᠮᠵᠢ ᠶᠢᠨ ᠬᠤᠷᠰᠢᠶᠠᠨ ᠤ ᠠᠵᠢᠯᠲᠠᠨ ᠯᠢ ᠵᠠᠨ ᠭᠠᠩ ᠬᠡᠯᠡᠪᠡ᠃ ᠥᠷᠯᠥᠭᠡ ᠡᠷᠲᠡ᠂ ᠪᠦ᠋ᠦ ᠱᠢ ᠪᠠᠯᠭᠠᠰᠤᠨ ᠤ ᠢᠲᠡᠭᠡᠮᠵᠢ ᠶᠢᠨ ᠬᠤᠷᠰᠢᠶ᠎ᠠ ᠶᠢᠨ 2 ᠠᠵᠢᠯᠲᠠᠨ ᠲᠡᠵᠢᠭᠡᠨ ᠦᠷᠡᠵᠢᠭᠦᠯᠬᠦ ᠡᠷᠦᠬᠡ ᠵᠧᠦ ᠴᠢᠤᠸᠠᠨ ᠵᠥᠩ ᠤᠨ ᠬᠡᠷ ᠲᠤ ᠬᠦᠷᠴᠦ᠂ ᠢᠲᠡᠭᠡᠮᠵᠢ ᠶᠢ ᠭᠥᠯᠢᠶᠡᠨ ᠠᠪᠴᠤ ᠰᠢᠶᠳᠪᠦᠷᠢᠯᠡᠬᠦ ᠶᠠᠪᠤᠴᠠ ᠪᠠᠷ ᠳᠡᠮᠵᠢᠨ᠂ ᠬᠡᠷ ᠪᠦᠯᠢ ᠶᠢᠨ ᠪᠠᠶᠢᠳᠠᠯ᠂ ᠠᠵᠤ ᠠᠬᠤᠶ ᠶᠢᠨ ᠣᠷᠣᠯᠭ᠎ᠠ ᠶᠢᠨ ᠢᠷᠡᠯᠲᠡ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠶᠢᠯᠠᠭᠠᠵᠤ᠂ ᠰᠢᠰᠲ᠋ᠧᠮ ᠢᠶᠠᠷ ᠲᠥᠰᠦᠭᠡᠯᠡᠨ ᠪᠤᠳᠤᠵᠤ᠂ ᠢᠲᠡᠭᠡᠮᠵᠢ ᠶᠢᠨ ᠲᠤᠭ᠎ᠠ ᠬᠡᠮᠵᠢᠶ᠎ᠡ ᠣᠯᠭᠤᠵᠤ᠂ ᠬᠤᠶᠠᠷ ᠴᠠᠭ ᠪᠣᠯᠤᠯ ᠥᠬᠡᠶ ᠪᠠᠷ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠪᠡ᠃    ︽ᠥᠩᠭᠡᠷᠡᠭᠰᠡᠨ ᠳᠤ ᠬᠡᠳᠦᠨ ᠡᠳᠦᠷ ᠬᠡᠷᠡᠭᠰᠡᠪᠡᠯ ᠰᠠᠶ᠋ᠢ ᠵᠢᠭᠡᠯᠡᠯᠭᠡ ᠶᠢ ᠪᠡᠶᠡᠯᠡᠭᠦᠯᠵᠦ ᠴᠢᠳᠠᠨ᠎ᠠ᠂ ᠣᠲᠣ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ 2 ᠴᠠᠭ ᠲᠤ ᠪᠥᠬᠦ ᠵᠢᠭᠡᠯᠡᠯᠭᠡ ᠶᠢᠨ ᠶᠠᠪᠤᠴᠠ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠴᠠᠭ ᠢ ᠪᠣᠭᠤᠨᠢᠰᠬᠠᠵᠤ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃︾ ᠭᠡᠵᠦ ᠪᠤᠤ ᠴᠧᠩ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠵᠧᠦ ᠴᠢᠤᠸᠠᠨ ᠵᠥᠩ ᠬᠡᠯᠡᠪᠡ᠃    ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠤᠯᠠᠨ ᠲᠦᠮᠡᠨ ᠤ ᠪᠡᠯᠡ ᠮᠥᠩᠭᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠪᠤᠤ ᠱᠢ ᠪᠠᠯᠭᠠᠰᠤᠨ ᠤ ᠵᠠᠰᠠᠭ ᠤᠨ ᠣᠷᠳᠣᠨ ᠦᠷᠭᠦᠯᠵᠢᠯᠡᠨ ᠢᠲᠡᠭᠡᠮᠵᠢ ᠶᠢᠨ ᠬᠤᠷᠰᠢᠶ᠎ᠠ ᠲᠠᠢ ᠬᠤᠯᠪᠣᠭᠠᠯᠠᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠬᠠᠮᠢᠶ᠎ᠠ ᠪᠥᠬᠦᠶ ᠠᠵᠢᠯ  ᠢ ᠰᠠᠶᠢᠲᠤᠷ ᠥᠷᠨᠢᠭᠦᠯᠵᠦ᠂ ᠲᠠᠷᠢᠶᠠᠴᠢᠨ ᠡᠷᠦᠬᠡ ᠶᠢᠨ ᠠᠵᠢᠯ ᠬᠢᠵᠦ ᠦᠶᠯᠡᠰ ᠪᠤᠰᠬᠠᠬᠤ ᠬᠦᠴᠢᠷᠳᠡᠯ ᠢ ᠨᠡᠪᠲᠡᠷᠡᠭᠦᠯᠵᠦ᠂ ᠦᠶᠯᠡᠴᠢᠯᠡᠭᠡᠨ ᠤ ᠬᠠᠮᠤᠭ ᠡᠴᠦᠰ ᠤᠨ ᠥᠷᠲᠡᠭᠡ ᠶᠢ ᠨᠡᠪᠲᠡᠷᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号