ᠲᠠᠷᠢᠶᠠᠯᠠᠩ ᠤᠨ ᠮᠠᠰᠢᠨ ᠢ ᠠᠷᠠᠴᠢᠯᠠᠨ ᠬᠠᠮᠠᠭᠠᠯᠠᠬᠤ ᠶᠡᠷᠦ ᠶᠢᠨ ᠮᠡᠳᠡᠯᠭᠡ
ᠨᠡᠶᠢᠲᠡᠯᠡᠭᠰᠡᠨ ᠴᠠᠭ᠄
2025/3/22
   ᠴᠡᠪᠡᠷᠯᠡᠬᠦ᠄ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠲᠠᠷᠢᠶᠠᠯᠠᠩ ᠤᠨ ᠮᠠᠰᠢᠨ ᠢ ᠲᠦᠢᠯᠪᠤᠷᠢᠲᠠᠢ ᠴᠡᠪᠡᠷᠯᠡᠵᠦ᠂ ᠮᠠᠰᠢᠨ ᠤ ᠬᠤᠭ ᠲᠣᠭᠤᠰᠣ᠂ ᠰᠢᠪᠠᠷ ᠰᠢᠷᠣᠢ᠂ ᠲᠣᠰᠣᠨ ᠪᠣᠬᠢᠷ ᠵᠢᠴᠢ ᠬᠤᠷᠢᠶᠠᠯᠲᠠ ᠶᠢᠨ ᠤᠯᠠᠷᠢᠯ ᠤᠨ ᠦᠯᠡᠳᠡᠭᠳᠡᠯ ᠲᠠᠷᠢᠮᠠᠯ ᠤᠨ ᠰᠢᠭᠠᠷᠤ ᠵᠡᠷᠭᠡ ᠶᠢ ᠠᠷᠢᠯᠭᠠᠵᠤ᠂ ᠢᠳᠡᠭᠳᠡᠬᠦ ᠶᠢ ᠰᠡᠷᠭᠡᠶᠢᠯᠡᠨ᠂ ᠢᠯᠴᠢ ᠲᠠᠷᠬᠠᠭᠠᠬᠤ ᠪᠠ ᠠᠵᠢᠯᠯᠠᠬᠤ ᠶᠢ ᠪᠠᠲᠤᠯᠠᠨ᠎ᠠ᠃    ᠤᠭᠰᠠᠷᠠᠭ᠎ᠠ ᠲᠣᠨᠤᠭ ᠢ ᠪᠠᠶᠢᠴᠠᠭᠠᠬᠤ᠄ ᠡᠯ᠎ᠡ ᠤᠭᠰᠠᠷᠠᠭ᠎ᠠ ᠲᠣᠨᠤᠭ ᠢ ᠪᠦᠬᠦ ᠲᠠᠯ᠎ᠠ ᠪᠠᠷ ᠪᠠᠶᠢᠴᠠᠭᠠᠨ᠎ᠠ᠂ ᠵᠢᠱᠢᠶᠡᠯᠡᠪᠡᠯ ᠳᠤᠭᠤᠶᠢᠯᠠᠪᠤᠷᠢ ᠶᠢᠨ ᠡᠯᠡᠭᠳᠡᠯ᠂ ᠠᠭᠠᠷ ᠤᠨ ᠳᠠᠷᠤᠯᠲᠠ ᠨᠢ ᠬᠡᠪ ᠤᠨ ᠪᠠᠶᠢᠬᠤ ᠡᠰᠡᠬᠦ᠂ ᠡᠷᠭᠢ ᠱᠤᠷᠠᠭ ᠨᠢ ᠰᠤᠯᠠᠷᠠᠭᠰᠠᠨ ᠡᠰᠡᠬᠦ᠂ ᠳᠠᠮᠵᠢᠯᠭ᠎ᠠ ᠶᠢᠨ ᠪᠦᠰᠡ ᠶᠢᠨ ᠰᠤᠯᠠ ᠴᠢᠩᠭ᠎ᠠ ᠬᠡᠮᠵᠢᠶ᠎ᠡ ᠨᠢ ᠲᠣᠬᠢᠷᠠᠮᠵᠢᠲᠠᠢ ᠡᠰᠡᠬᠦ᠂ ᠬᠡᠯᠬᠢᠶ᠎ᠡ ᠶᠢᠨ ᠡᠯᠡᠭᠳᠡᠯ ᠤᠨ ᠪᠠᠶᠢᠳᠠᠯ ᠵᠡᠷᠭᠡ ᠶᠢ ᠴᠠᠭ ᠲᠤᠬᠠᠢ ᠳᠤᠨᠢ ᠰᠠᠶᠢᠳᠤᠷ ᠪᠠᠶᠢᠴᠠᠭᠠᠵᠤ᠂ ᠡᠯᠡᠭᠳᠡᠭᠰᠡᠨ ᠢ ᠨᠢ ᠰᠣᠯᠢᠨ᠎ᠠ᠃    ᠬᠥᠳᠡᠯᠭᠡᠭᠦᠷ ᠮᠠᠰᠢᠨ ᠢ ᠠᠷᠠᠴᠢᠯᠠᠨ ᠬᠠᠮᠠᠭᠠᠯᠠᠬᠤ᠄ ᠮᠠᠰᠢᠨ ᠤ ᠲᠣᠰᠣ᠂ ᠬᠥᠷᠥᠭᠡᠬᠦ ᠰᠢᠩᠭᠡᠨ ᠤ ᠪᠠᠶᠢᠷᠢ ᠪᠠ ᠶᠠᠰᠤ ᠴᠢᠨᠠᠷ ᠢ ᠪᠠᠶᠢᠴᠠᠭᠠᠵᠤ᠂ ᠴᠢᠬᠤᠯᠠ ᠲᠠᠢ ᠦᠶ᠎ᠡ ᠳᠤ ᠰᠣᠯᠢᠬᠤ ᠬᠡᠷᠡᠭᠲᠡᠢ᠃ ᠠᠭᠠᠷ ᠤᠨ ᠱᠦᠭᠦᠭᠦᠷ ᠢ ᠴᠡᠪᠡᠷᠯᠡᠵᠦ᠂ ᠬᠡᠢ ᠣᠷᠣᠭᠤᠯᠬᠤ ᠶᠢᠨ ᠰᠠᠭᠠᠳ ᠦᠭᠡᠢ ᠪᠠᠶᠢᠬᠤ ᠶᠢ ᠦᠨᠡᠨᠬᠦ ᠪᠠᠲᠤᠯᠠᠬᠤ ᠪᠥᠭᠡᠳ ᠭᠠᠯ ᠤᠨ ᠪᠥᠭᠯᠡᠭᠡ ᠂ ᠲᠣᠰᠣ ᠰᠦᠷᠴᠢᠬᠦ ᠠᠮᠠ ᠶᠢ ᠪᠠᠶᠢᠴᠠᠭᠠᠵᠤ᠂ ᠬᠥᠳᠡᠯᠭᠡᠭᠦᠷ ᠮᠠᠰᠢᠨ ᠢ ᠬᠡᠪ ᠢᠶᠠᠷ ᠨᠢ ᠡᠬᠢᠯᠡᠭᠦᠯᠬᠦ ᠪᠠ ᠠᠵᠢᠯᠯᠠᠭᠤᠯᠬᠤ ᠶᠢ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号