ᠲᠦᠴᠢᠦᠸᠠᠨ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡ ᠶᠢ ᠲᠠᠷᠢᠶᠠᠨ ᠭᠠᠵᠠᠷ ᠲᠤ ᠬᠦᠷᠭᠡᠵᠦ᠂ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/25
   ᠡᠬᠡ ᠭᠠᠵᠠᠷ ᠲᠤ ᠤᠷᠢᠬᠠᠨ ᠬᠠᠪᠤᠷ ᠰᠠᠭᠠᠲᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠰᠢᠭᠲᠠᠢ ᠠᠵᠠ ᠲᠣᠬᠢᠶᠠᠯ ᠢ ᠠᠮᠵᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠦᠴᠢᠦᠸᠠᠨ ᠪᠠᠯᠭᠠᠰᠤᠨ ᠤ ᠬᠢᠨ ᠪᠠᠯᠭᠠᠰᠤ ᠲᠣᠰᠬᠤᠨ ᠤ ᠺᠠᠳ᠋ᠷ ᠢ ᠵᠣᠬᠢᠶᠠᠨ ᠪᠠᠶᠢᠭᠤᠯᠤᠨ ᠰᠡᠳᠬᠢᠯ ᠳᠤᠯᠠᠭᠠᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠣᠰᠬᠤᠨ ᠤ ᠠᠷᠠᠳ ᠢ ᠬᠠᠪᠰᠤᠷᠤᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠪᠠᠶᠢᠴᠠᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠬᠥᠳᠡᠯᠭᠡᠬᠦ ᠬᠦᠴᠦᠨ ᠭᠦᠢᠴᠡᠳ ᠪᠠᠶᠢᠬᠤ︾ ᠶᠢ ᠪᠠᠲᠤᠯᠠᠵᠤ᠂ ᠬᠠᠪᠤᠷ  ᠤᠨ ᠲᠠᠷᠢᠶᠠᠯᠠᠭ᠎ᠠ ᠶᠢᠨ ︽ᠬᠤᠷᠳᠤᠴᠠ ᠪᠠᠨ ᠲᠦᠷᠭᠡᠳᠬᠡᠬᠦ︾ ᠳᠤ ᠬᠦᠴᠦᠨ ᠨᠡᠮᠡᠷᠢᠯᠡᠪᠡ᠃
   ᠪᠠᠶᠢᠴᠠᠭᠠᠨ ᠰᠡᠯᠪᠢᠨ ᠵᠠᠰᠠᠵᠤ ᠲᠠᠷᠢᠶᠠᠯᠠᠩ ᠤᠨ ᠮᠠᠰᠢᠨ ᠤ ᠪᠠᠶᠢᠳᠠᠯ ᠢ ︽ᠰᠠᠶᠢᠨ ᠰᠤᠳᠠᠯ ᠪᠠᠷᠢᠨ᠎ᠠ︾    ᠲᠠᠷᠢᠶᠠᠨ ᠭᠠᠵᠠᠷ ᠲᠤ᠂ ᠰᠠᠶᠢᠨ ᠳᠤᠷᠠᠴᠤᠳ ᠠᠵᠢᠯ ᠤᠨ ᠬᠤᠪᠢᠶᠠᠷᠢᠯᠠᠯ ᠡᠮᠬᠢ ᠳᠢᠭᠯᠢᠮ ᠲᠠᠢ᠂ ᠡᠷᠴᠢ ᠵᠣᠷᠢᠭ ᠲᠡᠭᠦᠯᠳᠡᠷ ᠪᠠᠶᠢᠵᠤ᠂ ᠲᠠᠷᠢᠶᠠᠯᠠᠩ ᠤᠨ ᠮᠠᠰᠢᠨ ᠢ ᠬᠠᠪᠰᠤᠷᠤᠨ ᠪᠠᠶᠢᠴᠠᠭᠠᠵᠤ᠂ ᠠᠮᠤᠷ ᠲᠦᠪᠰᠢᠨ ᠢᠶᠠᠷ ᠬᠡᠷᠡᠭᠯᠡᠬᠦ ᠤᠷ᠎ᠠ ᠮᠡᠷᠭᠡᠵᠢᠯ ᠢ ᠤᠬᠠᠭᠤᠯᠪᠠ᠃ ︽ᠰᠠᠶᠢᠨ ᠳᠤᠷᠠᠴᠤᠳ︾ ᠲᠠᠷᠢᠶᠠᠨ ᠭᠠᠵᠠᠷ ᠢᠶᠠᠷ ᠰᠦᠯᠵᠢᠯᠳᠦᠵᠦ᠂ ᠶᠠᠭᠠᠷᠠᠯᠲᠠᠢ ᠪᠥᠭᠡᠳ ᠡᠮᠬᠢ ᠳᠢᠭᠯᠢᠮ ᠲᠠᠢ 《 ᠬᠠᠪᠤᠷ ᠤᠨ ᠲᠠᠷᠢᠶᠠᠯᠠᠭ᠎ᠠ ᠶᠢᠨ ᠵᠢᠷᠤᠭ 》 ᠢ ᠵᠢᠷᠤᠭᠯᠠᠪᠠ᠃ ᠰᠠᠶᠢᠨ ᠳᠤᠷᠠᠴᠤᠳ ᠲᠠᠷᠢᠶᠠᠴᠢᠨ ᠡᠷᠦᠬᠡ ᠶᠢᠨ ᠬᠡᠷ ᠪᠠ ᠲᠠᠷᠢᠶᠠᠯᠠᠩ ᠤᠨ ᠮᠠᠰᠢᠨ ᠵᠣᠭᠰᠣᠭᠠᠬᠤ ᠭᠠᠵᠠᠷ ᠲᠤ ᠬᠦᠷᠴᠦ᠂ ᠲᠷᠠᠺᠲ᠋ᠣᠷ ᠪᠠ ᠦᠷ᠎ᠡ ᠰᠠᠴᠤᠬᠤ ᠮᠠᠰᠢᠨ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠵᠤ᠂ ᠲᠣᠬᠢᠷᠠᠭᠤᠯᠤᠨ ᠲᠤᠷᠰᠢᠬᠤ ᠪᠠ ᠰᠡᠯᠪᠢᠨ ᠵᠠᠰᠠᠵᠤ᠂ ᠲᠠᠷᠢᠶᠠᠯᠠᠩ ᠤᠨ ᠮᠠᠰᠢᠨ ᠤ ᠬᠥᠳᠡᠯᠭᠡᠭᠦᠷ ᠮᠠᠰᠢᠨ᠂ ᠳᠠᠮᠵᠢᠯᠭ᠎ᠠ ᠶᠢᠨ ᠰᠢᠰᠲ᠋ᠧᠮ᠂ ᠲᠣᠷᠣᠮᠰᠤᠯᠠᠬᠤ ᠲᠥᠬᠦᠭᠡᠷᠦᠮᠵᠢ ᠵᠡᠷᠭᠡ ᠵᠠᠩᠭᠢᠯᠠᠭ᠎ᠠ ᠶᠢᠨ ᠬᠡᠰᠡᠭ ᠢ ᠪᠠᠶᠢᠴᠠᠭᠠᠨ ᠦᠵᠡᠵᠦ᠂ ᠳᠠᠯᠳᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠶᠳᠪᠦᠷᠢᠯᠡᠵᠦ᠂ ᠲᠠᠷᠢᠶᠠᠯᠠᠩ  ᠤᠨ ᠮᠠᠰᠢᠨ ᠨᠢᠭᠡᠪᠦᠷᠢ ᠴᠥᠮ ᠰᠠᠶᠢᠨ ᠰᠠᠶᠢᠬᠠᠨ ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠳᠤ ᠣᠷᠣᠯᠴᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠰᠠᠶᠢᠨ ᠲᠤᠷᠠᠴᠤᠳ ᠪᠠᠰᠠ ᠲᠣᠰᠬᠤᠨ ᠤ ᠠᠷᠠᠳ ᠲᠤ ᠲᠠᠷᠢᠶᠠᠯᠠᠩ  ᠤᠨ ᠮᠠᠰᠢᠨ ᠤ ᠠᠮᠤᠷ ᠲᠦᠪᠰᠢᠨ ᠤ ᠠᠵᠢᠯᠯᠠᠭᠠᠨ ᠤ ᠮᠡᠳᠡᠯᠭᠡ ᠶᠢ ᠤᠬᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠢ ᠠᠷᠠᠴᠢᠯᠠᠨ ᠬᠠᠮᠠᠭᠠᠯᠠᠬᠤ ᠭᠤᠤᠯᠳᠠᠯᠭ᠎ᠠ ᠶᠢ ᠲᠠᠶᠢᠯᠪᠤᠷᠢᠯᠠᠵᠤ᠂ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠲᠠᠷᠢᠶᠠᠯᠠᠩ ᠤᠨ ᠮᠠᠰᠢᠨ ᠢ ᠬᠠᠮᠠᠭᠠᠯᠠᠬᠤ ᠴᠢᠳᠠᠪᠤᠷᠢ  ᠶᠢ ᠳᠡᠭᠡᠭᠰᠢᠯᠡᠭᠦᠯᠪᠡ᠃ ︽ᠪᠢᠳᠡ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠰᠠᠶᠢᠨ ᠲᠤᠷᠠᠴᠤᠳ ᠨᠠᠷᠢᠨ ᠬᠢᠨᠠᠮᠠᠭᠠᠶ ᠲᠡᠮᠳᠡᠭᠯᠡᠵᠦ ᠪᠠᠰᠠ ᠢᠳᠡᠪᠬᠢᠲᠡᠶ ᠵᠣᠬᠢᠴᠠᠭᠤᠯᠤᠨ ᠰᠢᠶᠳᠪᠦᠷᠢᠯᠡᠵᠦ᠂ ᠪᠢᠳᠡᠨ ᠳᠤ ᠪᠥᠬᠦ ᠲᠠᠯ᠎ᠠ ᠶᠢᠨ ᠬᠠᠪᠰᠤᠷᠤᠯᠭ᠎ᠠ ᠪᠠ ᠳᠡᠮᠵᠢᠯᠭᠡ ᠬᠠᠩᠭᠠᠪᠠ᠃︾ ᠭᠡᠵᠦ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ᠠᠷᠠᠳ ᠨᠢᠶᠧ ᠴᠦᠨ ᠶᠢᠩ ᠪᠠᠶᠠᠷᠲᠠᠢ ᠬᠡᠯᠡᠨ᠎ᠡ᠃ ᠣᠳᠣᠬᠠᠨ ᠪᠣᠯᠲᠠᠯ᠎ᠠ᠂ 41 ᠲᠣᠰᠬᠤᠨ ᠤ ᠰᠠᠶᠢᠨ ᠳᠤᠷᠠᠴᠤᠳ ᠨᠡᠶᠢᠲᠡ 276 ᠲᠠᠷᠢᠶᠠᠯᠠᠩ ᠤᠨ ᠮᠠᠰᠢᠨ ᠢ ᠪᠠᠶᠢᠴᠠᠭᠠᠵᠤ᠂ 743 ᠤᠳᠠᠭ᠎ᠠ ᠲᠠᠷᠢᠶᠠᠯᠠᠩ ᠤᠨ ᠮᠠᠰᠢᠨ ᠢ ᠠᠮᠤᠷ ᠲᠦᠪᠰᠢᠨ ᠢᠶᠠᠷ ᠬᠡᠷᠡᠭᠯᠡᠬᠦ ᠮᠡᠳᠡᠭᠳᠡᠯ ᠤᠨ ᠪᠢᠴᠢᠭ ᠲᠠᠷᠬᠠᠭᠠᠪᠠ᠃
   ᠤᠬᠠᠭᠤᠯᠵᠤ ᠬᠥᠲᠥᠯᠥᠨ ᠵᠢᠯᠣᠭᠤᠳᠴᠤ ᠪᠠᠶᠢᠭᠠᠳ ᠡᠰᠢ ᠰᠦᠷᠡᠯ ᠢ ᠰᠢᠲᠠᠭᠠᠬᠤ ᠠᠵᠢᠯ ᠢ ᠬᠤᠷᠢᠭᠯᠠᠨ᠎ᠠ    ︽ᠣᠶᠢᠷ᠎ᠠ ᠶᠢᠨ ᠬᠡᠳᠦᠨ ᠡᠳᠦᠷ ᠰᠠᠯᠬᠢ ᠶᠡᠭᠡ᠂ ᠡᠰᠢ ᠰᠦᠷᠡᠯ ᠢ ᠰᠢᠲᠠᠭᠠᠬᠤ ᠳᠤ ᠮᠠᠰᠢ ᠠᠮᠠᠷᠬᠠᠨ ᠭᠠᠯ ᠤᠨ ᠭᠠᠮᠰᠢᠭ ᠡᠭᠦᠰᠦᠨ᠎ᠡ᠂ ᠬᠡᠷᠪᠡ ᠭᠠᠯ ᠤᠨ ᠪᠠᠶᠢᠳᠠᠯ ᠡᠵᠡᠮᠳᠡᠯ ᠢᠶᠠᠨ ᠠᠯᠳᠠᠪᠠᠯ᠂ ᠲᠠᠷᠢᠮᠠᠯ᠂ ᠮᠣᠳᠣ ᠶᠢ ᠰᠢᠲᠠᠭᠠᠬᠤ ᠪᠠᠷ ᠪᠠᠷᠠᠬᠤ ᠥᠬᠡᠶ᠂ ᠴᠢᠨᠠᠭᠰᠢᠯᠠᠪᠠᠯ ᠮᠠᠨ ᠤ ᠬᠡᠷ ᠪᠠᠶᠢᠰᠢᠩ ᠪᠣᠯᠤᠨ ᠠᠮᠢ ᠨᠠᠰᠤᠨ ᠤ ᠠᠮᠤᠷ ᠲᠦᠪᠰᠢᠨ ᠢ ᠰᠦᠷᠳᠡᠭᠦᠯᠵᠦ᠂ ᠡᠭᠡᠭᠦᠯᠵᠦ ᠪᠣᠯᠤᠰᠢ ᠥᠬᠡᠶ ᠬᠤᠬᠢᠷᠠᠯ ᠤᠴᠠᠷᠠᠭᠤᠯᠵᠤ ᠮᠡᠳᠡᠨ᠎ᠡ᠃ ᠲᠦᠴᠢᠦᠸᠠᠨ ᠪᠠᠯᠭᠠᠰᠤᠨ ᠤ ᠴᠢᠶᠠᠨ ᠶᠢᠨ ᠲᠣᠰᠬᠤᠨ ᠤ ᠨᠠᠮ ᠤᠨ ᠡᠭᠦᠷ ᠤᠨ ᠱᠦᠵᠢ ᠮᠠ ᠱᠤ᠋ ᠬᠤᠶ ᠲᠣᠰᠬᠤᠨ ᠤ ᠺᠠᠳ᠋ᠷ ᠪᠣᠯᠤᠨ ᠰᠠᠶᠢᠨ ᠳᠤᠷᠠᠴᠤᠳ ᠢ ᠳᠠᠭᠠᠭᠤᠯᠤᠨ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠠᠶᠢᠨ ᠳᠤᠷᠠᠴᠤᠳ ᠠᠴᠠ ᠲᠣᠰᠬᠤᠨ ᠤ ᠠᠷᠠᠳ ᠲᠤ ᠡᠰᠢ ᠰᠦᠷᠡᠯ ᠢ ᠠᠮᠤᠷ ᠲᠦᠪᠰᠢᠨ ᠢᠶᠠᠷ ᠰᠢᠲᠠᠭᠠᠬᠤ ᠶᠢᠨ ᠴᠢᠬᠤᠯᠠ ᠴᠢᠨᠠᠷ ᠢ ᠲᠦᠭᠡᠮᠡᠯᠵᠢᠭᠦᠯᠦᠨ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠡᠰᠢ ᠰᠦᠷᠡᠯ ᠢ ᠰᠢᠲᠠᠭᠠᠬᠤ ᠠᠴᠠ ᠪᠣᠯᠤᠭᠰᠠᠨ ᠠᠭᠠᠷ ᠤᠨ ᠪᠣᠬᠢᠷᠲᠤᠯ ᠤᠨ ᠬᠤᠤᠷ ᠬᠥᠨᠥᠭᠡᠯ᠂ ᠭᠠᠯ ᠤᠨ ᠠᠶᠤᠯ ᠤᠨ ᠲᠦᠭᠰᠢᠭᠦᠷᠢ ᠵᠢᠴᠢ ᠲᠣᠭᠲᠠᠭᠠᠯ ᠠᠴᠠ ᠵᠥᠷᠢᠴᠡᠭᠰᠡᠨ ᠳᠤ ᠲᠤᠯᠭᠠᠷᠠᠭᠰᠠᠨ ᠰᠢᠳᠬᠡᠯ ᠲᠣᠷᠭᠠᠭᠤᠯᠢ ᠶᠢ ᠬᠦᠯᠢᠴᠡᠩᠭᠦᠶ ᠲᠠᠶᠢᠯᠪᠤᠷᠢᠯᠠᠨ᠎ᠠ᠃ ᠡᠭᠦᠨ ᠤ ᠬᠠᠮᠲᠤ᠂ ᠲᠤᠬᠠᠶ ᠶᠢᠨ ᠭᠠᠵᠠᠷ ᠲᠤᠨᠢ ᠲᠣᠰᠬᠤᠨ ᠤ ᠠᠷᠠᠳ ᠢ ᠵᠢᠯᠣᠭᠤᠳᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠬᠢᠨ ᠰᠠᠶᠢᠲᠤᠷ ᠬᠢᠯᠭᠡᠵᠦ᠂ ᠭᠠᠯ ᠤᠨᠲᠠᠷᠠᠭᠠᠭᠤᠷ᠂ ᠲᠡᠮᠦᠷ ᠬᠦᠷᠵᠡ ᠵᠡᠷᠭᠡ ᠭᠠᠯ ᠤᠨᠲᠠᠷᠠᠭᠠᠬᠤ ᠪᠠᠭᠠᠵᠢ ᠶᠢ ᠲᠣᠬᠢᠷᠠᠭᠤᠯᠤᠨ᠂ ᠲᠤᠰᠬᠠᠶ ᠬᠥᠮᠦᠨ ᠲᠣᠬᠢᠷᠠᠭᠤᠯᠤᠨ ᠴᠠᠭᠳᠠᠨ ᠪᠠᠶᠢᠴᠠᠭᠠᠯᠭᠠᠨ᠎ᠠ᠃ ᠲᠣᠰ ᠤᠳᠠᠭᠠᠨ ᠤ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢᠨ ᠠᠬᠤᠶ ᠲᠠᠯᠠᠪᠠᠶ ᠳᠤ ᠣᠯᠠᠨ ᠲᠦᠮᠡᠨ ᠤ ᠠᠰᠠᠭᠤᠯᠲᠠ ᠶᠢ 62 ᠬᠠᠷᠢᠭᠤᠯᠵᠤ᠂ ᠪᠥᠬᠦ ᠪᠠᠯᠭᠠᠰᠤᠨ ᠳᠤ ᠨᠡᠶᠢᠲᠡ 2189 ᠬᠤᠪᠢ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号