ᠡᠷᠡᠭᠦᠯ ᠮᠡᠨᠳᠦ ᠶᠢᠨ ᠡᠭᠦᠳᠡᠨ ᠠᠴᠠ ᠪᠤᠳᠤᠯᠬᠢᠯᠡᠨ ᠡᠮᠡᠭᠲᠡᠶ ᠨᠠᠶᠢᠵᠠ ᠨᠠᠷ ᠲᠤ ᠢᠯᠡᠭᠦᠬᠡᠨ ᠮᠢᠬ᠎ᠠ ᠢᠳᠡ ᠭᠡᠵᠦ | ᠰᠠᠨᠠᠭᠤᠯᠤᠶ᠎ᠠ︕ | ᠡᠮᠡᠭᠲᠡᠶᠢᠴᠦᠳ ᠮᠢᠬ᠎ᠠ ᠠᠷᠪᠢᠨ ᠢᠳᠡᠪᠡᠯ ᠡᠳᠡᠭᠡᠷ ᠰᠠᠶᠢᠨ ᠲᠠᠯ᠎ᠠ ᠲᠠᠢ | 1. ᠡᠮᠡᠭᠲᠡᠶᠢᠴᠦᠳ ᠨᠢ ᠡᠷᠡᠭᠲᠡᠶᠢᠴᠦᠳ ᠠᠴᠠ ᠢᠯᠡᠭᠦᠦ ᠲᠡᠮᠦᠷ ᠱᠠᠭᠠᠷᠳᠠᠳᠠᠭ᠃ ᠮᠢᠬᠠᠨ ᠤ ᠵᠤᠶᠢᠯ ᠪᠣᠯ | ᠴᠢᠰᠤᠨ ᠤᠯᠠᠭᠠᠨ ᠡᠳ᠋ ᠠᠭᠤᠯᠤᠭᠰᠠᠨ ᠲᠡᠮᠦᠷ ᠨᠡᠯᠢᠶᠡᠳ ᠡᠯᠪᠡᠭ ᠢᠳᠡᠭᠡᠨ ᠪᠣᠯᠤᠨ᠎ᠠ᠃ | 2. ᠮᠢᠬ᠎ᠠ ᠢᠳᠡᠬᠦ ᠦᠭᠡᠢ ᠪᠣᠯ ᠸᠢᠲ᠋ᠠᠮᠢᠨ B 12 ᠳᠤᠲᠠᠬᠤ ᠪᠣᠯᠤᠨ᠎ᠠ᠃ ᠸᠢᠲ᠋ᠠᠮᠢᠨ B 12 ᠳᠤᠲᠠᠪᠠᠯ | ᠬᠥᠮᠦᠨ ᠤ ᠮᠡᠳᠡᠷᠡᠯ ᠤᠨ ᠰᠢᠰᠲ᠋ᠧᠮ ᠳᠤ ᠠᠰᠠᠭᠤᠳᠠᠯ ᠭᠠᠷᠴᠤ ᠮᠡᠳᠡᠨ᠎ᠡ᠃ | 3. ᠪᠤᠯᠴᠢᠩ ᠤᠨ ᠠᠯᠳᠠᠭᠳᠠᠬᠤ ᠶᠢ ᠪᠠᠭᠠᠰᠬᠠᠨ᠎ᠠ᠃ ᠬᠡᠷᠪᠡ ᠮᠢᠬ᠎ᠠ ᠢᠳᠡᠬᠦ ᠦᠭᠡᠢ ᠪᠤᠶᠤ ᠮᠢᠬ᠎ᠠ ᠶᠢᠨ ᠵᠦᠢᠯ ᠢ | ᠭᠦᠢᠴᠡᠳ ᠢᠳᠡᠬᠦ ᠦᠭᠡᠢ ᠪᠣᠯ ᠤᠭᠤᠷᠠᠭ ᠤᠨ ᠰᠢᠩᠭᠡᠭᠡᠯᠲᠡ ᠶᠢ ᠰᠢᠭᠤᠳ ᠨᠥᠯᠥᠭᠡᠯᠡᠬᠦ ᠶᠢᠨ ᠤᠯᠠᠮ ᠢᠶᠠᠷ | ᠪᠤᠯᠴᠢᠩ ᠤᠨ ᠨᠡᠶᠢᠯᠡᠯᠭᠡ ᠶᠢ ᠨᠥᠯᠥᠭᠡᠯᠡᠨ᠎ᠡ᠃ | 4. ᠮᠢᠬ᠎ᠠ ᠢᠳᠡᠪᠡᠯ ᠶᠠᠰᠤ ᠪᠡᠷᠲᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠮᠢᠬᠠᠨ ᠤ ᠳᠣᠲᠣᠷᠠᠬᠢ | ᠤᠭᠤᠷᠠᠭ᠂ ᠮᠠᠭᠨᠢ᠂ ᠹᠣᠰᠹᠣᠷ ᠵᠡᠷᠭᠡ ᠰᠢᠮ᠎ᠡ ᠲᠡᠵᠢᠭᠡᠯ ᠨᠢ ᠠᠷᠤᠭ ᠶᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠳᠤ | ᠠᠰᠢᠭᠲᠠᠶ᠃ | ᠡᠷᠡᠭᠦᠯ ᠢᠶᠠᠷ ᠮᠢᠬ᠎ᠠ ᠢᠳᠡᠬᠦ ᠭᠤᠷᠪᠠᠨ ᠰᠠᠨᠠᠭᠤᠯᠭ᠎ᠠ | 1. ᠬᠡᠮᠵᠢᠶ᠎ᠡ ᠶᠢ ᠡᠵᠡᠮᠳᠡᠬᠦ ᠨᠢ ᠮᠠᠰᠢ ᠵᠠᠩᠭᠢᠯᠠᠭ᠎ᠠ ᠪᠣᠯᠤᠨ᠎ᠠ | ᠨᠠᠰᠤᠨ ᠳᠤ ᠬᠦᠷᠦᠭᠰᠡᠳ ᠡᠳᠦᠷ ᠪᠦᠷᠢ 120 ~ 200g ᠠᠮᠢᠲᠠᠨ ᠤ ᠮᠢᠬ᠎ᠠ ᠠᠭᠤᠯᠤᠬᠰᠠᠨ ᠢᠳᠡᠭᠡᠨ | ᠢᠳᠡᠬᠦ ᠴᠢᠬᠤᠯᠠᠳᠠᠢ᠂ ᠲᠤᠬᠠᠶᠢᠯᠠᠪᠠᠯ ᠵᠢᠭᠠᠰᠤᠨ ᠤ ᠲᠥᠷᠥᠯ ᠢ ᠳᠤᠮᠳᠠᠴᠢ ᠪᠠᠷ 40~75g᠂ ᠮᠠᠯ ᠵᠢᠭᠦᠷᠲᠡᠨ ᠤ | ᠮᠢᠬᠠᠨ ᠤ ᠲᠥᠷᠥᠯ ᠢ 40 ~75g᠂ ᠥᠨᠳᠡᠭᠡᠨ ᠤ ᠲᠥᠷᠥᠯ ᠢ 40~50g ᠢᠳᠡᠵᠦ᠂ ᠬᠠᠷᠢᠯᠴᠠᠨ ᠰᠣᠯᠢᠵᠤ | ᠢᠳᠡᠵᠦ ᠪᠣᠯᠤᠨ᠎ᠠ᠃ ᠢᠯᠠᠩᠭᠤᠶ᠎ᠠ ᠤᠯᠠᠭᠠᠨ ᠢᠳᠡᠭᠡᠨ ᠢᠳᠡᠬᠦ ᠬᠡᠮᠵᠢᠶ᠎ᠡ ᠶᠢ ᠰᠠᠶᠢᠲᠤᠷ ᠬᠢᠵᠠᠭᠠᠷᠯᠠᠬᠤ ᠬᠡᠷᠡᠭᠲᠡᠶ᠂ | ᠭᠠᠭ᠋ᠠᠶ ᠦᠬᠡᠷ ᠬᠤᠨᠢ ᠵᠡᠷᠭᠡ ᠮᠠᠯ ᠤᠨ ᠮᠢᠬ᠎ᠠ ᠪᠣᠯ ᠤᠯᠠᠭᠠᠨ ᠢᠳᠡᠭᠡᠨ ᠳᠤ ᠲᠣᠭᠠᠴᠠᠭᠳᠠᠨ᠎ᠠ᠃ ᠤᠷᠢᠳ ᠢᠶᠠᠷ ᠬᠠᠷ᠎ᠠ | ᠮᠢᠬ᠎ᠠ ᠢᠳᠡᠵᠦ᠂ ᠵᠢᠭᠦᠷᠲᠡᠨ ᠤ ᠮᠢᠬ᠎ᠠ ᠪᠠ ᠵᠢᠭᠠᠰᠤ ᠰᠠᠮ ᠬᠢᠰᠤᠭ᠎ᠠ ᠶᠢᠨ ᠲᠥᠷᠥᠯ ᠢ ᠰᠣᠩᠭᠤᠬᠤ ᠶᠢ ᠰᠠᠨᠠᠭᠤᠯᠤᠶ᠎ᠠ᠃ | | 2. ᠬᠠᠭᠤᠷᠤᠯᠭ᠎ᠠ ᠬᠢᠬᠦ ᠠᠷᠭ᠎ᠠ ᠶᠢ ᠵᠥᠪ ᠰᠣᠩᠭᠤᠬᠤ | ᠮᠢᠬᠠᠨ ᠤ ᠬᠠᠭᠤᠷᠤᠯᠭ᠎ᠠ ᠬᠢᠬᠦ ᠳᠡᠭᠡᠨ᠂ ᠲᠣᠰᠣ ᠪᠠᠭ᠎ᠠ ᠬᠢᠵᠦ ᠬᠠᠭᠤᠷᠬᠤ ᠠᠷᠭ᠎ᠠ ᠶᠢ ᠭᠡᠷᠡᠭᠯᠡᠭᠡᠷᠡᠢ᠃ | 3. ᠪᠣᠯᠪᠠᠰᠤᠷᠠᠭᠤᠯᠤᠭᠰᠠᠨ ᠮᠢᠬᠠᠨ ᠤ ᠵᠤᠶᠢᠯ ᠢ ᠪᠠᠭ᠎ᠠ ᠢᠳᠡ | ᠤᠲᠤᠮᠠᠯ ᠮᠢᠬ᠎ᠠ᠂ ᠪᠣᠷᠴᠠ ᠮᠢᠬ᠎ᠠ᠂ ᠫᠧᠶᠢᠭᠸᠡ᠂ ᠬᠢᠮ᠎ᠠ ᠵᠡᠷᠭᠡ ᠪᠣᠯᠪᠠᠰᠤᠷᠠᠭᠤᠯᠤᠭᠰᠠᠨ ᠮᠢᠬᠠᠨ ᠤ ᠵᠤᠶᠢᠯ ᠢ | ᠪᠠᠭ᠎ᠠ ᠢᠳᠡ᠃ | ᠦᠨᠡᠬᠡᠷ ᠮᠢᠬ᠎ᠠ ᠢᠳᠡᠬᠦ ᠳᠤᠷ᠎ᠠ ᠦᠭᠡᠢ ᠪᠤᠯ ᠶᠠᠭᠠᠬᠢᠬᠤ ᠪᠤᠢ︖ ᠤᠭᠤᠷᠠᠭ ᠨᠥᠬᠦᠬᠦ︔ ᠸᠢᠲ᠋ᠠᠮᠢᠨ B 12 | ᠨᠥᠬᠦᠬᠦ︔ ᠲᠡᠮᠦᠷ ᠨᠥᠬᠦᠬᠦ ᠭᠡᠷᠡᠭᠳᠡᠢ᠃ |