ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠤᠯᠠᠮ ᠴᠢᠨᠠᠭᠰᠢᠳᠠ ᠠᠬᠢᠭᠤᠯᠵᠤ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠵᠢᠯ ᠣᠯᠭᠤᠯᠲᠠ | ᠶᠢᠨ ᠬᠡᠷᠡᠭᠴᠡᠭᠡ ᠶᠢ ᠦᠨᠡᠨ ᠬᠦ ᠬᠠᠩᠭᠠᠬᠤ ᠶᠢᠨ ᠲᠥᠯᠥᠭᠡ᠂ ᠲᠦᠴᠢᠦᠸᠠᠨ ᠰᠢᠶᠠᠨ ᠡᠯ᠎ᠡ ᠲᠦᠷᠦᠯ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠤᠯᠠᠨ ᠲᠦᠮᠡᠨ ᠤ ᠠᠵᠢᠯ ᠣᠯᠭᠤᠯᠲᠠ | ᠶᠢᠨ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠠᠵᠢᠯ ᠡᠷᠢᠭᠰᠡᠳ ᠲᠤ ᠨᠡᠩ | ᠤᠯᠠᠨ ᠠᠵᠢᠯ ᠣᠯᠭᠤᠯᠲᠠ ᠶᠢᠨ ᠠᠵᠠ ᠲᠣᠬᠢᠶᠠᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠠᠩᠭᠠᠪᠠ᠃ | ᠪᠤᠤ ᠱᠢ ᠪᠠᠯᠭᠠᠰᠤᠨ ᠤ ᠪᠤᠤ ᠴᠧᠩ ᠲᠣᠰᠬᠤᠨ᠂ ᠪᠦ᠋ᠦ ᠹᠧᠩ ᠲᠣᠰᠬᠤᠨ᠂ ᠪᠦ᠋ᠦ ᠱᠢ ᠲᠣᠰᠬᠤᠨ ᠵᠡᠷᠭᠡ | ᠭᠠᠵᠠᠷ ᠲᠤ᠂ ᠰᠤᠷᠪᠤᠯᠵᠢᠯᠠᠭᠴᠢ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ | ᠣᠯᠭᠤᠯᠲᠠ ᠶᠢᠨ ᠦᠶᠯᠡᠴᠢᠯᠡᠭᠡᠨ ᠤ ᠲᠥᠪ ᠶᠠᠭ ᠠᠳᠡ ᠭᠠᠩᠨᠠᠭᠤᠷᠴᠢᠨ ᠡᠯᠰᠡᠬᠦ ᠲᠠᠶᠢᠯᠤᠮᠵᠢ ᠶᠢᠨ ᠬᠤᠷᠠᠯ ᠬᠢᠵᠦ | ᠪᠠᠶᠢᠬᠤ ᠶᠢ ᠣᠯᠵᠤ ᠬᠠᠷᠠᠪᠠ᠂ ᠠᠵᠢᠯᠲᠠᠳ ᠪᠤᠯᠪᠠᠰᠤᠷᠠᠯ ᠤᠨ ᠨᠠᠷᠢᠨ ᠵᠦᠶᠯᠡᠰ᠂ ᠠᠵᠢᠯ ᠣᠯᠭᠤᠯᠲᠠ ᠶᠢᠨ ᠢᠷᠡᠭᠡᠳᠦᠶ | ᠂ ᠨᠡᠷ᠎ᠡ ᠮᠡᠳᠡᠭᠦᠯᠬᠦ ᠶᠠᠪᠤᠴᠠ ᠵᠡᠷᠭᠡ ᠶᠢᠨ ᠲᠣᠭᠤᠷᠢᠨ ᠳᠤ ᠨᠠᠷᠢᠨ ᠲᠠᠨᠢᠯᠴᠠᠭᠤᠯᠵᠤ᠂ ᠲᠣᠰᠬᠤᠨ ᠤ ᠠᠷᠠᠳ | ᠪᠤᠯᠪᠠᠰᠤᠷᠠᠯ ᠤᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠠᠵᠢᠯᠲᠠᠳ ᠲᠠᠢ ᠢᠳᠡᠪᠬᠢᠲᠡᠶ ᠪᠠᠷ ᠰᠠᠨᠠᠯ ᠢᠶᠠᠨ | ᠰᠣᠯᠢᠯᠴᠠᠪᠠ᠃ | | ︽ᠪᠢ ᠡᠩ ᠤᠨ ᠴᠠᠭ ᠲᠠᠭᠠᠨ ᠪᠠᠰᠠ ᠴᠠᠬᠢᠯᠭᠠᠨ ᠭᠠᠩᠨᠠᠭᠤᠷᠴᠢᠨ ᠲᠠᠢ ᠠᠷᠰᠠᠷ ᠠᠵᠢᠯ ᠬᠢᠳᠡᠭ᠂ ᠭᠡᠪᠡᠴᠦ | ᠰᠢᠰᠲ᠋ᠧᠮ ᠲᠠᠢ ᠰᠤᠷᠤᠯᠴᠠᠭᠰᠠᠨ ᠦᠭᠡᠢ᠃ ᠸᠢᠴᠠᠲ ᠤᠨ ᠪᠦᠯᠦᠭ ᠲᠤ ᠡᠶᠢᠮᠦ ᠨᠢᠭᠡ ᠲᠣᠬᠢᠶᠠᠯ ᠪᠠᠶᠢᠨ᠎ᠠ ᠭᠡᠵᠦ | ᠰᠤᠨᠤᠰᠤᠭᠠᠳ᠂ ᠪᠢᠳᠡᠨ ᠢ ᠢᠯᠡᠭᠦᠦ ᠬᠡᠳᠦᠨ ᠮᠡᠷᠭᠡᠵᠢᠯ ᠡᠵᠡᠮᠰᠢᠭᠦᠯᠬᠦ ᠭᠡᠰᠡᠨ ᠳᠤ᠂ ᠲᠡᠭᠡᠭᠡᠳ ᠪᠢ ᠪᠠᠶᠢᠳᠠᠯ ᠢ | ᠣᠶᠢᠯᠠᠭᠠᠬᠤ ᠪᠠᠷ ᠢᠷᠡᠭᠰᠡᠨ᠂ ᠵᠠᠷᠢᠮ ᠣᠶᠢᠯᠠᠭᠠᠬᠤ ᠥᠬᠡᠶ ᠵᠦᠢᠯᠡᠰ ᠢ ᠠᠵᠢᠯᠲᠠᠨ ᠴᠤ ᠨᠠᠳᠠ ᠲᠠᠶᠢᠯᠪᠤᠷᠢᠯᠠᠵᠤ | ᠥᠭᠭᠦᠭᠰᠡᠨ᠂ ᠣᠲᠣ ᠨᠡᠷ᠎ᠡ ᠮᠡᠳᠡᠭᠦᠯᠴᠢᠬᠡᠭᠰᠡᠨ᠃ ᠬᠤᠶᠠᠷ ᠡᠳᠦᠷ ᠤᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡᠯ | ᠪᠢ ᠣᠴᠢᠵᠤ ᠰᠣᠷᠣᠨ᠎ᠠ᠂ ᠥᠪᠡᠷ ᠤᠨ ᠮᠡᠷᠭᠡᠵᠢᠯ ᠢᠶᠠᠨ ᠨᠡᠮᠡᠭᠳᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠪᠤᠤ | ᠱᠢ ᠪᠠᠯᠭᠠᠰᠤᠨ ᠤ ᠪᠤᠤ ᠱᠢ ᠲᠣᠰᠬᠤᠨ ᠤ ᠭᠧ ᠯᠢ ᠫᠧᠩ ᠬᠡᠯᠡᠨ᠎ᠡ᠃ | ᠡᠭᠦᠨ ᠤ ᠬᠠᠮᠲᠤ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ | ᠦᠶᠯᠡᠴᠢᠯᠡᠭᠡᠨ ᠤ ᠲᠥᠪ ᠪᠠᠰᠠ ᠲᠠᠷᠢᠶᠠᠴᠢᠨ ᠡᠷᠦᠬᠡ ᠶᠢᠨ ᠬᠡᠷ ᠲᠤ ᠭᠦᠨᠵᠡᠭᠡᠶᠢᠷᠡᠵᠦ᠂ ᠲᠣᠰᠬᠤᠨ ᠤ ᠠᠷᠠᠳ ᠲᠠᠢ | ᠨᠢᠭᠤᠷᠳᠠᠨ ᠶᠠᠷᠢᠯᠴᠠᠭᠰᠠᠨ ᠪᠥᠭᠡᠳ ᠲᠣᠰᠬᠤᠨ ᠤ ᠠᠷᠠᠳ ᠤᠨ ᠠᠵᠢᠯ ᠣᠯᠤᠭᠠᠳᠤᠶ ᠪᠠᠶᠢᠬᠤ ᠰᠢᠯᠲᠠᠭᠠᠨ᠂ ᠠᠵᠢᠯ | ᠤᠯᠬᠤ ᠰᠠᠨᠠᠮᠵᠢ ᠵᠢᠴᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠴᠠᠯᠢᠩ ᠬᠥᠯᠥᠰᠥ᠂ ᠠᠵᠢᠯ ᠤᠨ ᠣᠷᠴᠢᠨ | ᠲᠣᠭᠤᠷᠢᠨ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠲᠠᠯ᠎ᠠ ᠶᠢᠨ ᠬᠦᠰᠡᠯ ᠡᠷᠡᠮᠡᠯᠵᠡᠯ ᠢ ᠨᠠᠷᠢᠨ ᠣᠶᠢᠯᠠᠭᠠᠪᠠ᠃ | ᠪᠤᠤ ᠱᠢ ᠪᠠᠯᠭᠠᠰᠤᠨ ᠤ ᠪᠤᠤ ᠹᠧᠩ ᠲᠣᠰᠬᠤᠨ ᠤ ᠷᠧᠨ ᠯᠢ ᠯᠢ ᠠᠵᠢᠯ ᠣᠯᠭᠤᠯᠲᠠ ᠶᠢᠨ ᠪᠣᠯᠪᠠᠰᠤᠷᠠᠯ ᠤᠨ | ᠱᠠᠭᠠᠷᠳᠠᠯᠭ᠎ᠠ ᠶᠢ ᠠᠰᠠᠭᠤᠬᠤ ᠳᠤ᠂ ᠲᠡᠷᠡ ᠳᠠᠷᠤᠶᠢᠬᠠᠨ ᠭᠤᠯᠢᠷ ᠢᠲᠡᠭᠡᠨ ᠤ ᠪᠣᠯᠪᠠᠰᠤᠷᠠᠯ ᠬᠦᠷᠲᠡᠬᠦ ᠪᠠᠷ ᠨᠡᠷ᠎ᠡ | ᠮᠡᠳᠡᠭᠦᠯᠪᠡ᠃ | | | | | | ︽ᠠᠵᠢᠯ ᠣᠯᠤᠭᠰᠠᠳ ᠮᠢᠨᠦ ᠠᠳᠡ ᠢᠷᠡᠵᠦ ᠪᠠᠶᠢᠴᠠᠭᠠᠯᠲᠠ ᠬᠢᠭᠰᠡᠨ᠂ ᠦᠨᠡᠨ ᠳᠡᠭᠡᠨ ᠪᠢ ᠪᠠᠰᠠ ᠵᠢᠭᠠᠬᠠᠨ | ᠶᠠᠭᠤᠮ᠎ᠠ ᠰᠣᠷᠣᠶ᠎ᠠ ᠭᠡᠵᠦ ᠪᠤᠳᠤᠵᠤ ᠪᠠᠶᠢᠭᠰᠠᠨ᠂ ᠲᠡᠳᠡᠨ ᠢᠶᠠᠷ ᠳᠠᠮᠵᠢᠭᠤᠯᠤᠨ ᠨᠠᠳᠠ ᠲᠠᠶᠢᠯᠪᠦᠷᠢᠯᠠᠯᠳᠠ ᠬᠢᠵᠦ᠂ ᠪᠢ | ᠭᠤᠯᠢᠷ ᠢᠳᠡᠭᠡᠨ ᠬᠢᠵᠦ ᠰᠣᠷᠣᠶ᠎ᠠ ᠭᠡᠵᠦ ᠪᠤᠳᠤᠵᠤ ᠪᠠᠶᠢᠭᠰᠠᠨ᠂ ᠲᠠᠳᠠ ᠨᠢᠭᠡᠨᠲᠡ ᠮᠢᠨᠦ ᠬᠠᠷᠢᠯᠴᠠᠬᠤ ᠠᠷᠭ᠎ᠠ ᠶᠢ | ᠳᠠᠩᠰᠠᠯᠠᠭᠤᠯᠤᠭᠰᠠᠨ᠂ ᠬᠤᠵᠢᠮ ᠮᠠᠨ ᠤ ᠠᠳᠡ ᠨᠢᠭᠡ ᠠᠩᠭᠢ ᠡᠷᠭᠢᠯᠡᠨ᠎ᠡ᠂ ᠬᠤᠵᠢᠮ ᠡᠶᠢᠮᠦ ᠵᠠᠪᠰᠢᠶᠠᠨ ᠲᠠᠢ ᠪᠣᠯ | ᠲᠠᠳᠠ ᠤᠷᠢᠳᠠᠪᠠᠷ ᠨᠠᠳᠠ ᠲᠠᠢ ᠬᠠᠷᠢᠯᠴᠠᠨ᠎ᠠ︾ ᠭᠡᠵᠦ ᠪᠤᠤ ᠱᠢ ᠪᠠᠯᠭᠠᠰᠤᠨ ᠤ ᠪᠤᠤ ᠹᠧᠩ ᠲᠣᠰᠬᠤᠨ ᠤ ᠷᠧᠨ ᠯᠢ | ᠯᠢ ᠬᠡᠯᠡᠨ᠎ᠡ᠃ | ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠨᠠᠮᠳᠠᠭᠤᠯᠬᠤ ᠶᠢᠨ ᠲᠥᠯᠥᠭᠡ᠂ ᠲᠦᠴᠢᠦᠸᠠᠨ | ᠰᠢᠶᠠᠨ ᠠᠵᠢᠯ ᠣᠯᠭᠤᠯᠲᠠ ᠶᠢᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠨ | ᠴᠢᠩᠭᠠᠳᠬᠠᠵᠤ᠂ ᠠᠵᠢᠯ ᠡᠷᠢᠭᠰᠡᠳ ᠤᠨ ᠠᠵᠢᠯ ᠣᠯᠭᠤᠯᠲᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ | ᠂ ᠪᠣᠯᠪᠠᠰᠤᠷᠠᠯ ᠤᠨ ᠬᠦᠰᠡᠯ ᠰᠠᠨᠠᠭ᠎ᠠ ᠶᠢ ᠴᠤᠭᠯᠠᠭᠤᠯᠬᠤ ᠪᠠᠷ ᠳᠠᠮᠵᠢᠭᠤᠯᠤᠨ᠂ ︽ᠲᠤᠬᠢᠷᠠᠭᠤᠯᠤᠨ ᠬᠦᠷᠭᠡᠬᠦ ᠮᠠᠶ᠋ᠢᠭ︾ | ᠂ ︽ᠵᠠᠬᠢᠶᠠᠯᠠᠭ᠎ᠠ ᠶᠢᠨ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠵᠦ᠂ ᠨᠡᠩ ᠴᠢᠨᠠᠷ ᠰᠠᠶᠢᠲᠠᠢ᠂ ᠨᠡᠩ | ᠭᠦᠢᠴᠡᠳ ᠠᠵᠢᠯ ᠣᠯᠭᠤᠯᠲᠠ ᠪᠠᠷ ᠠᠷᠠᠳ ᠲᠤ ᠠᠰᠢᠭ ᠬᠦᠷᠲᠡᠭᠡᠵᠦ ᠬᠥᠭᠵᠢᠯᠲᠡ ᠶᠢ ᠠᠬᠢᠭᠤᠯᠪᠠ᠃ | | ︽ᠪᠢᠳᠡ ᠪᠠᠶᠢᠴᠠᠭᠠᠯᠲᠠ ᠬᠢᠬᠦ ᠪᠠᠷ ᠳᠠᠮᠵᠢᠭᠤᠯᠤᠨ ᠠᠳᠠᠯᠢ ᠪᠤᠰᠤ ᠬᠥᠳᠡᠯᠮᠦᠷᠢᠴᠢᠨ ᠤ ᠤᠷ᠎ᠠ ᠴᠢᠳᠠᠪᠤᠷᠢ ᠶᠢᠨ | ᠪᠤᠯᠪᠠᠰᠤᠷᠠᠯ ᠤᠨ ᠲᠠᠯ᠎ᠠ ᠪᠠᠷ ᠬᠢ ᠪᠣᠳᠠᠲᠠᠶ ᠬᠡᠷᠡᠭᠴᠡᠭᠡ ᠪᠠ ᠬᠦᠰᠡᠯ ᠡᠷᠡᠮᠡᠯᠵᠡᠯ ᠢ ᠪᠥᠬᠦ ᠲᠠᠯ᠎ᠠ ᠪᠠᠷ ᠣᠶᠢᠯᠠᠭᠠᠵᠤ᠂ | ᠬᠠᠨᠳᠤᠯᠭᠠᠲᠤ ᠴᠢᠨᠠᠷᠲᠠᠶ ᠪᠤᠯᠪᠠᠰᠤᠷᠠᠯ ᠤᠨ ᠲᠥᠯᠥᠪᠯᠡᠭᠡ ᠲᠣᠭᠲᠠᠭᠠᠬᠤ ᠳᠤ ᠦᠨᠳᠦᠰᠦᠯᠡᠯ ᠬᠠᠩᠭᠠᠵᠤ᠂ | ᠬᠥᠳᠡᠯᠮᠦᠷᠢᠴᠢᠳ ᠲᠤ ᠨᠠᠩ ᠣᠯᠠᠨ ᠬᠡᠷᠡᠭᠯᠡᠭᠡᠨ ᠤ ᠤᠷ᠎ᠠ ᠴᠢᠳᠠᠪᠤᠷᠢ ᠡᠵᠡᠮᠰᠢᠭᠦᠯᠵᠦ᠂ ᠲᠡᠳᠡᠨ ᠤ ᠠᠵᠢᠯ ᠣᠯᠭᠤᠯᠲᠠ | ᠶᠢᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠨᠢ ᠳᠡᠭᠡᠭᠰᠢᠯᠡᠭᠦᠯᠦᠨ᠂ ᠠᠵᠢᠯ ᠤᠯᠬᠤ ᠲᠣᠬᠢᠶᠠᠯ ᠢ ᠨᠢ | ᠨᠡᠮᠡᠭᠳᠡᠭᠦᠯᠵᠦ᠂ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ | ᠪᠢᠳᠡ ᠠᠵᠤ ᠠᠬᠤᠶᠢᠯᠠᠯ ᠪᠣᠯᠤᠨ ᠬᠥᠳᠡᠯᠮᠦᠷᠢᠴᠢᠳ ᠤᠨ ᠬᠤᠭᠤᠷᠣᠨᠳᠣᠬᠢ ᠬᠥᠭᠦᠷᠭᠡ ᠬᠤᠯᠪᠣᠭᠠᠰᠤ ᠶᠢ ᠪᠠᠶᠢᠭᠤᠯᠵᠤ | ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ ᠠᠵᠢᠯ ᠣᠯᠭᠤᠯᠲᠠ ᠶᠢᠨ | ᠮᠥᠷᠳᠡᠨ ᠦᠶᠯᠡᠴᠢᠯᠡᠬᠦ ᠲᠣᠭᠲᠠᠴᠠ ᠶᠢ ᠪᠠᠶᠢᠭᠤᠯᠵᠤ᠂ ᠠᠵᠢᠯ ᠣᠯᠤᠭᠰᠠᠨ ᠰᠤᠷᠤᠭᠴᠢᠳ ᠲᠤ ᠬᠠᠷᠢᠭᠤ | ᠰᠤᠷᠪᠤᠯᠵᠢᠯᠠᠭ᠎ᠠ ᠬᠢᠵᠦ᠂ ᠠᠵᠢᠯ ᠣᠯᠭᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ | ᠰᠢᠶᠳᠪᠦᠷᠢᠯᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃︾ ᠭᠡᠵᠦ ᠲᠦᠴᠢᠦᠸᠠᠨ ᠰᠢᠶᠠᠨ | ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠤᠨ ᠨᠠᠮ ᠤᠨ | ᠡᠭᠦᠷ ᠤᠨ ᠳᠡᠳ᠋ ᠱᠦᠵᠢ ᠳ᠋ᠦ᠋ ᠸᠧᠶ ᠬᠤᠸᠠ ᠬᠡᠯᠡᠪᠡ᠃ | |