ᠬᠠᠮᠤᠭ ᠥᠨᠳᠥᠷ ᠲᠡᠭᠡᠨ 5000 ᠲᠦᠮᠡᠨ ᠲᠥᠭᠦᠷᠢᠭ ᠵᠢᠭᠡᠯᠡᠵᠦ ᠪᠣᠯᠤᠨ᠎ᠠ︕ ᠮᠥᠩᠭᠦᠨ ᠭᠦᠵᠯᠭᠡᠭᠡᠨ ᠢᠶᠠᠷ | ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠬᠦ | ᠡᠷᠴᠢᠮ ᠢ ᠴᠢᠩᠭᠠᠷᠠᠭᠤᠯᠤᠨ᠎ᠡ᠃ | ᠰᠤᠷᠪᠤᠯᠵᠢᠯᠠᠭᠴᠢ 24 ᠤ ᠡᠳᠦᠷ ᠣᠶᠢᠯᠠᠭᠠᠭᠰᠠᠨ ᠢᠶᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ᠮᠥᠩᠭᠦᠨ ᠭᠦᠵᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠬᠦ ᠡᠷᠴᠢᠮ ᠢ ᠤᠯᠠᠮ ᠢᠶᠠᠷ | ᠴᠢᠩᠭᠠᠷᠠᠭᠤᠯᠬᠤ ᠲᠤᠬᠠᠶ ᠮᠡᠳᠡᠭᠳᠡᠯ ᠪᠠᠭᠤᠯᠭᠠᠵᠤ᠂ ᠤᠤᠯ ᠤᠨ ᠪᠠᠭ᠎ᠠ ᠵᠢᠵᠢᠭ ᠠᠵᠤ ᠠᠬᠤᠶᠢᠯᠠᠯ ᠤᠨ ᠰᠠᠭᠤᠷᠢᠨ | ᠳᠡᠭᠡᠷ᠎ᠡ᠂ ᠪᠠᠭ᠎ᠠ ᠵᠢᠵᠢᠭ ᠠᠵᠤ ᠠᠬᠤᠶᠢᠯᠠᠯ ᠤᠨ ᠡᠵᠡᠨ᠂ ᠬᠤᠪᠢ ᠶᠢᠨ ᠦᠵᠯᠡᠳᠪᠦᠷᠢ ᠬᠤᠳᠠᠯᠳᠤᠭᠠᠨ ᠤ ᠡᠷᠦᠬᠡ | ᠵᠡᠷᠭᠡ ᠬᠤᠪᠢ ᠬᠥᠮᠦᠨ ᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ | ᠲᠤᠰᠬᠠᠶ ᠵᠢᠭᠡᠯᠡᠯᠭᠡ ᠶᠢ ᠳᠡᠮᠵᠢᠬᠦ ᠬᠡᠪᠴᠢᠶᠡᠨ ᠳᠤ ᠣᠷᠣᠭᠤᠯᠤᠨ᠎ᠡ︔ ᠡᠭᠦᠨ ᠤ ᠬᠠᠮᠲᠤ ᠢᠲᠡᠭᠡᠮᠵᠢ ᠣᠯᠭᠤᠬᠤ | ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠳᠤ 3000 ᠲᠦᠮᠡᠨ ᠲᠥᠭᠦᠷᠢᠭ | ᠵᠢᠭᠡᠯᠡᠯᠭᠡ ᠦᠭᠴᠦ ᠪᠠᠶᠢᠭᠰᠠᠨ ᠠᠴᠠ ᠨᠢ ᠬᠠᠮᠤᠭ ᠤᠨ ᠥᠨᠳᠥᠷ ᠲᠡᠭᠡᠨ 5000 ᠲᠦᠮᠡᠨ ᠲᠥᠭᠦᠷᠢᠭ ᠪᠣᠯᠭᠠᠨ | ᠳᠡᠭᠡᠭᠰᠢᠯᠡᠭᠦᠯᠵᠦ᠂ ᠬᠤᠪᠢ ᠬᠥᠮᠦᠨ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠵᠢᠭᠡᠯᠡᠯᠭᠡ | ᠦᠭᠭᠦᠨ᠎ᠡ ᠬᠡᠪᠡ᠃ |