ᠸᠢᠴᠠᠲ ᠤᠨ ᠬᠢᠨ ᠰᠦᠯᠵᠢᠶᠡᠨ ᠳᠤ ᠪᠠᠰᠠ ᠨᠢᠭᠡ ᠰᠢᠨ᠎ᠡ ᠴᠢᠳᠠᠮᠵᠢ ᠭᠠᠷᠭᠠᠪᠠ︕
ᠨᠡᠶᠢᠲᠡᠯᠡᠭᠰᠡᠨ ᠴᠠᠭ᠄
2025/3/26
   3 ᠰᠠᠷ᠎ᠠ ᠶᠢᠨ 24 ᠤ ᠡᠳᠦᠷ ᠸᠢᠴᠠᠲ ᠤᠨ ᠪᠦᠯᠦᠭᠲᠡᠨ ᠤᠯᠠᠨ ᠨᠡᠶᠢᠳᠡ ᠶᠢᠨ ᠳ᠋ᠤᠭᠠᠷ ᠤᠨ ᠠᠯᠪᠠᠨ ᠤ ᠲᠠᠯ᠎ᠠ ᠶᠢᠨ ᠬᠢᠨ᠄ ᠨᠢᠭᠡ ᠳᠠᠷᠤᠭᠤᠯ ᠢᠶᠠᠷ ︽ᠣᠯᠠᠨ ᠰᠣᠩᠭᠤᠯᠲᠠ ᠪᠦᠬᠦᠢ ᠵᠤᠭᠤᠬᠳᠠᠬᠤ ᠮᠡᠳᠡᠭᠡ ᠵᠠᠩᠭᠢ︾ ᠶᠢᠨ ᠴᠢᠳᠠᠮᠵᠢ ᠪᠠᠷ ᠶᠠᠷᠢᠯᠴᠠᠬᠰᠠᠨ ᠮᠡᠳᠡᠭᠡ ᠵᠠᠩᠭᠢ ᠶᠢ ᠬᠠᠮᠳᠤ ᠳᠤᠨᠢ ᠳᠠᠮᠵᠢᠭᠤᠯᠪᠠᠯ ᠨᠠᠩ ᠥᠨᠳᠥᠷ ᠪᠦᠲᠦᠮᠵᠢᠲᠡᠶ ᠪᠣᠯᠤᠨ᠎ᠠ ᠭᠡᠵᠦ ᠨᠡᠶᠢᠳᠡᠯᠡᠪᠡ᠃    ᠵᠠᠷᠢᠮ ᠰᠦᠯᠵᠢᠶᠡᠴᠢᠨ ︽ᠡᠨᠡ ᠬᠦ ᠴᠢᠳᠠᠮᠵᠢ ᠨᠢ ᠬᠡᠷᠡᠭᠯᠡᠬᠦ ᠳᠤ ᠦᠨᠡᠬᠡᠷ ᠮᠠᠰᠢ ᠲᠥᠬᠦᠮ ᠪᠤᠯᠵᠠᠢ︾ ᠭᠡᠵᠦ ᠬᠡᠯᠡᠨ᠎ᠡ᠂ ᠪᠠᠰᠠ ᠵᠠᠷᠢᠮ ᠰᠦᠯᠵᠢᠶᠡᠴᠢᠳ ᠠᠰᠠᠭᠤᠬᠰᠠᠨ ᠵᠤᠶᠢᠯ ᠢᠶᠠᠨ ᠲᠠᠮᠵᠢᠭᠤᠯᠤᠨ ᠶᠠᠪᠤᠭᠤᠯᠪᠠᠯ ᠬᠡᠳᠦᠢ ᠵᠤᠷᠪᠤᠰ  ᠢᠶᠠᠷ ᠬᠢᠵᠠᠭᠠᠷᠯᠠᠳᠠᠭ ᠪᠣᠶ︖ ᠭᠡᠵᠦ ᠠᠰᠠᠭᠤᠵᠤ ᠪᠠᠶᠢᠨ᠎ᠠ᠃ ᠸᠢᠴᠠᠲ ᠤᠨ ᠪᠦᠯᠦᠭᠲᠡᠨ ᠤᠯᠠᠨ ᠨᠡᠶᠢᠳᠡ ᠶᠢᠨ ᠳ᠋ᠤᠭᠠᠷ ᠤᠨ ᠠᠯᠪᠠᠨ ᠤ ᠲᠠᠯ᠎ᠠ ᠶᠢᠨ ᠬᠢᠨ᠄ iOS ᠬᠡᠪᠯᠡᠯ ᠤᠨ ᠬᠢ ᠪᠤᠯ 100 ᠵᠤᠷᠪᠤᠰ ᠢᠶᠠᠷ ᠬᠢᠵᠠᠭᠠᠷᠯᠠᠵᠤ᠂ ᠠᠨᠵᠦ᠋ ᠬᠡᠪᠯᠡᠯ ᠤᠨ ᠬᠢ ᠪᠤᠯ 99 ᠵᠤᠷᠪᠤᠰ ᠢᠶᠠᠷ ᠬᠢᠵᠠᠭᠠᠷᠯᠠᠵᠤ ᠪᠠᠶᠢᠨ᠎ᠠ ᠭᠡᠪᠡ᠃    ᠡᠭᠦᠨ ᠠᠴᠠ ᠭᠠᠳᠠᠨ᠎ᠠ᠂ ︽ᠸᠢᠴᠠᠲ ᠤᠨ ᠪᠦᠯᠦᠭᠲᠡᠨ︾ ᠤ ᠣᠯᠠᠨ ᠨᠡᠶᠢᠲᠡ ᠶᠢᠨ ᠳ᠋ᠤᠭᠠᠷ ᠲᠤ ᠪᠠᠰᠠ 2024 ᠣᠨ ᠠᠴᠠ ᠡᠬᠢᠯᠡᠨ 12306 ᠡᠯᠧᠺᠲᠷᠣᠨ ᠪᠠᠷᠢᠮᠲᠠ ᠭᠠᠷᠭᠠᠵᠤ ᠳᠡᠶᠢᠯᠬᠦ ᠪᠤᠯᠤᠬᠰᠠᠨ ᠪᠦᠭᠡᠳ ᠲᠠᠩᠰᠠ ᠲᠠᠶᠢᠯᠬᠤ ᠭᠡᠷᠡᠴᠢ ᠪᠠᠷᠢᠮᠲᠠ ᠶᠢ ᠮᠥᠷᠯᠡᠬᠦ ᠥᠬᠡᠶ ᠪᠠᠷ ᠣᠯᠵᠤ ᠪᠤᠯᠬᠤ ᠪᠤᠯᠵᠠᠢ᠂ ᠣᠲᠣ ᠸᠢᠴᠠᠲ ᠤᠨ ᠺᠠᠷᠲ ᠤᠨ ᠪᠣᠭᠴᠣ ᠳᠤ ᠴᠤ ᠢᠵᠢᠯᠢ ᠠᠯᠬᠤᠮ ᠢᠶᠠᠷ ᠲᠡᠮᠦᠷ ᠵᠠᠮ ᠤᠨ ᠡᠯᠧᠺᠲᠷᠣᠨ ᠪᠠᠷᠢᠮᠲᠠ ᠶᠢ ᠸᠢᠴᠠᠲ ᠤᠨ ᠪᠠᠷᠢᠮᠲᠠ ᠶᠢᠨ ᠬᠠᠪᠰᠤᠷᠤᠭᠴᠢ ᠲᠠᠢ ᠬᠤᠯᠪᠣᠵᠤ᠂ QQ ᠰᠢᠤᠳᠠᠨ ᠬᠠᠶᠢᠷᠴᠠᠭ 12306 ᠡᠯᠧᠺᠲᠷᠣᠨ ᠪᠠᠷᠢᠮᠲᠠ ᠭᠠᠷᠭᠠᠭᠰᠠᠨ ᠤ ᠳᠠᠷᠠᠭ᠎ᠠ QQ ᠰᠢᠤᠳᠠᠨ ᠬᠠᠶᠢᠷᠴᠠᠭ ᠲᠤ ᠢᠯᠡᠭᠡᠬᠦ ᠳᠤ ᠡᠨᠡ ᠬᠦ ᠪᠠᠷᠢᠮᠲᠠ ᠶᠢ ᠠᠶᠠᠨᠳᠠᠭᠠᠨ ᠣᠯᠳᠠᠭ ᠪᠤᠯᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号