ᠥᠩᠭᠡᠲᠦ ᠪᠢᠷ ᠬᠥᠮᠦᠨ ᠤ ᠶᠢᠷᠲᠢᠨᠴᠦ ᠶᠢ ᠵᠢᠷᠤᠵᠤ ᠳᠠᠭᠤᠰᠬᠠᠨ᠎ᠠ᠂ ᠤᠯᠠᠭᠠᠨ ᠴᠠᠭᠠᠰᠤ ᠰᠢᠨ᠎ᠡ ᠵᠢᠯ ᠢ | ᠦᠯᠡᠳᠡᠭᠡᠨ᠎ᠡ ᠃ ᠣᠶᠢᠷ᠎ᠠ ᠳᠤ᠂ ᠲᠦᠴᠢᠦᠸᠠᠨ ᠰᠢᠶᠠᠨ ᠤ ᠴᠠᠭᠠᠨ ᠰᠠᠷ᠎ᠠ ᠶᠢᠨ ᠵᠢᠷᠤᠭ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ ᠤᠨ | ᠨᠡᠷᠡᠰ ᠲᠤ ᠵᠢᠩᠬᠢᠨᠢ ᠪᠠᠷ ᠵᠢᠭᠰᠠᠭᠠᠭᠳᠠᠵᠤ᠂ ᠡᠨᠡ ᠬᠦ ᠣᠨᠴᠠᠭᠠᠶ ᠢᠷᠠᠭᠤ ᠠᠯᠳᠠᠷ ᠨᠢ ᠲᠦᠴᠢᠦᠸᠠᠨ ᠰᠢᠶᠠᠨ ᠤ | ᠰᠣᠶᠣᠯ ᠤᠨ ᠠᠮᠢᠳᠤᠯᠢᠭ ᠤᠯᠠᠮᠵᠢᠯᠠᠯ ᠢ ᠵᠠᠯᠭᠠᠮᠵᠢᠯᠠᠬᠤ ᠳᠤ ᠥᠯᠢᠭᠡᠷ ᠳᠠᠭᠤᠷᠢᠶᠠᠯ ᠪᠣᠯᠵᠣ᠂ ᠨᠠᠩ ᠴᠤ ᠳᠤᠮᠳᠠᠳᠤ | ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ ᠃ ᠴᠠᠭ ᠮᠥᠴᠡ ᠶᠢᠨ ᠵᠢᠷᠤᠭ ᠤᠨ ᠠᠷᠤ ᠳᠤ᠂ ᠲᠡᠳᠡ ᠬᠤᠷᠤᠭᠤᠨ ᠤ ᠳᠤᠯᠠᠭᠠᠨ ᠤ | ᠬᠡᠮᠵᠢᠶ᠎ᠡ ᠪᠠᠷ ᠴᠠᠭ ᠮᠥᠴᠡ ᠶᠢᠨ ᠥᠩᠭᠡᠷᠡᠬᠦ ᠶᠢ ᠡᠰᠡᠷᠭᠦᠴᠡᠵᠦ᠂ ᠤᠷᠠᠨ ᠳᠠᠷᠬᠠᠨ ᠤ ᠰᠡᠳᠬᠢᠯ ᠢᠶᠠᠷ ᠢᠶᠠᠨ | ᠤᠯᠠᠮᠵᠢᠯᠠᠯᠲᠤ ᠰᠣᠶᠣᠯ ᠤᠨ ᠤᠳᠤ ᠦᠶ᠎ᠡ ᠶᠢᠨ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ ᠪᠠᠶᠢᠨ᠎ᠠ ᠃ | | ᠪᠢᠷ ᠱᠦᠷᠭᠦᠭᠡᠭᠰᠡᠨ ᠴᠠᠭᠠᠨ ᠰᠠᠷ᠎ᠠ ᠶᠢᠨ ᠵᠢᠷᠤᠭ ᠢ ᠪᠠᠰᠠ ᠰᠠᠷ᠎ᠠ ᠶᠢᠨ ᠫᠠᠶᠢᠰᠠ ᠴᠠᠭᠠᠨ ᠰᠠᠷ᠎ᠠ ᠶᠢᠨ ᠵᠢᠷᠤᠭ | ᠭᠡᠳᠡᠭ᠂ ᠡᠨᠡ ᠬᠦ ᠵᠢᠷᠤᠭ ᠤᠨ ᠬᠡᠯᠪᠡᠷᠢ ᠶᠢᠨ ᠪᠣᠶ ᠪᠣᠯᠤᠭᠰᠠᠨ ᠨᠢ ᠨᠢᠭᠡᠨᠲᠡ ᠵᠠᠭᠤ ᠭᠠᠷᠤᠶ ᠵᠢᠯ ᠤᠨ ᠲᠡᠦᠬᠡ ᠲᠠᠢ | ᠪᠣᠯᠵᠣ᠂ ᠵᠢᠷᠤᠭ ᠤᠨ ᠢᠯᠡᠷᠡᠭᠦᠯᠦᠯ ᠤᠨ ᠬᠡᠯᠪᠡᠷᠢ ᠨᠢ ᠨᠠᠷᠢᠯᠢᠭ᠂ ᠵᠢᠷᠤᠭᠰᠠᠨ ᠬᠥᠮᠦᠨ ᠨᠢ ᠪᠡᠶᠡᠲᠦ ᠮᠡᠳᠡᠷᠡᠮᠵᠢ ᠪᠠ | ᠦᠨᠡᠰᠢᠷᠡᠯᠳᠡ᠂ ᠥᠩᠭᠡ ᠪᠤᠳᠤᠭ ᠬᠤᠷᠴᠠ ᠲᠣᠳᠣᠬᠠᠨ᠂ ᠨᠤᠲᠤᠭ ᠤᠨ ᠠᠭᠤᠷ ᠠᠮᠢᠰᠬᠤᠯ ᠪᠠ ᠣᠷᠣᠨ ᠨᠤᠲᠤᠭ | ᠤᠨ ᠣᠨᠴᠠᠯᠢᠭ ᠲᠠᠢ ᠃ | | ᠲᠦᠴᠢᠦᠸᠠᠨ ᠰᠢᠶᠠᠨ ᠤ ᠴᠠᠭᠠᠨ ᠰᠠᠷ᠎ᠠ ᠶᠢᠨ ᠵᠢᠷᠤᠭ ᠤᠯᠠᠮᠵᠢᠯᠠᠨ ᠰᠤᠷᠭᠠᠬᠤ ᠭᠠᠵᠠᠷ ᠲᠤ᠂ ᠬᠢᠩᠭᠠᠨ ᠠᠶᠢᠮᠠᠭ | ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠴᠠᠭᠠᠨ ᠰᠠᠷ᠎ᠠ ᠶᠢᠨ ᠵᠢᠷᠤᠭ ᠤᠨ ᠲᠥᠯᠥᠭᠡᠯᠡᠬᠦ | ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠴᠧᠨ ᠫᠢᠩ ᠥᠨᠥᠳᠦᠷ ᠤᠨ ᠵᠢᠭᠠᠨ ᠰᠤᠷᠭᠠᠯᠲᠠ ᠳᠤ ᠪᠡᠯᠡᠳᠬᠡᠯ ᠬᠢᠵᠦ | ᠪᠠᠶᠢᠨ᠎ᠠ ᠃ ᠰᠢᠷᠡᠭᠡᠨ ᠳᠡᠭᠡᠷ᠎ᠡ ᠡᠯᠳᠡᠪ ᠥᠩᠭᠡ ᠶᠢᠨ ᠪᠤᠳᠤᠭ ᠲᠠᠯᠪᠢᠭᠠᠰᠤᠲᠠᠶ᠂ ᠲᠡᠷᠡ ᠪᠤᠳᠤᠭ ᠲᠣᠬᠢᠷᠠᠭᠤᠯᠬᠤ | ᠲᠠᠪᠠᠭ ᠪᠠ ᠵᠢᠷᠤᠭ ᠤᠨ ᠪᠢᠷ ᠢ ᠪᠣᠯᠪᠠᠰᠤᠷᠠᠩᠭᠤᠶ ᠠᠪᠴᠤ᠂ ᠪᠤᠳᠤᠭ ᠢ ᠲᠣᠭᠲᠠᠭᠰᠠᠨ ᠬᠠᠷᠢᠴᠠᠯ ᠢᠶᠠᠷ ᠬᠤᠯᠢᠵᠤ | ᠨᠠᠶᠢᠷᠠᠭᠤᠯᠪᠠ ᠃ ᠲᠦᠴᠢᠦᠸᠠᠨ ᠤ ᠴᠠᠭᠠᠨ ᠰᠠᠷ᠎ᠠ ᠶᠢᠨ ᠵᠢᠷᠤᠭ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ | ᠶᠢᠨ ᠲᠥᠯᠥᠭᠡ᠂ ᠬᠤᠪᠢ ᠬᠥᠮᠦᠨ ᠤ ᠵᠣᠬᠢᠶᠠᠨ ᠪᠦᠲᠦᠭᠡᠯᠭᠡ ᠠᠴᠠ ᠭᠠᠳᠠᠨ᠎ᠠ᠂ ᠴᠧᠨ ᠫᠢᠩ ᠤᠨ ᠪᠠᠶᠢᠭ᠎ᠠ | ᠲᠦᠴᠢᠦᠸᠠᠨ ᠰᠢᠶᠠᠨ ᠤ ᠰᠣᠶᠣᠯ ᠤᠨ ᠣᠷᠳᠣᠨ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠴᠠᠭᠠᠨ ᠰᠠᠷ᠎ᠠ | ᠶᠢᠨ ᠵᠢᠷᠤᠭ ᠤᠨ ᠵᠦᠯᠭᠦᠭᠦᠷ ᠤᠨ ᠬᠢᠴᠢᠶᠡᠯ ᠨᠡᠭᠡᠭᠡᠵᠦ᠂ ᠬᠢᠴᠢᠶᠡᠯ ᠳᠡᠭᠡᠷ᠎ᠡ ᠰᠤᠷᠤᠭᠴᠢᠳ ᠴᠧᠨ ᠫᠢᠩ ᠤᠨ | ᠳᠡᠷᠭᠡᠳᠡ ᠲᠣᠭᠤᠷᠢᠨ ᠰᠠᠭᠤᠵᠤ᠂ ᠡᠨᠡ ᠬᠦ ᠡᠷᠲᠡᠨ ᠤ ᠤᠷ᠎ᠠ ᠮᠡᠷᠭᠡᠵᠢᠯ ᠢ ᠨᠠᠷᠢᠨ ᠬᠢᠨᠠᠮᠠᠭᠠᠶ ᠰᠤᠷᠤᠯᠴᠠᠪᠠ ᠃ | | ᠥᠩᠭᠡᠲᠦ ᠪᠢᠷ ᠬᠥᠮᠦᠨ ᠤ ᠶᠢᠷᠲᠢᠨᠴᠦ ᠶᠢ ᠵᠢᠷᠤᠵᠤ ᠳᠠᠭᠤᠰᠬᠠᠨ᠎ᠠ᠂ ᠤᠯᠠᠭᠠᠨ ᠴᠠᠭᠠᠰᠤ ᠰᠢᠨ᠎ᠡ ᠵᠢᠯ ᠢ | ᠦᠯᠡᠳᠡᠭᠡᠨ᠎ᠡ ᠃ ᠣᠶᠢᠷ᠎ᠠ ᠳᠤ᠂ ᠲᠦᠴᠢᠦᠸᠠᠨ ᠰᠢᠶᠠᠨ ᠤ ᠴᠠᠭᠠᠨ ᠰᠠᠷ᠎ᠠ ᠶᠢᠨ ᠵᠢᠷᠤᠭ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ ᠤᠨ | ᠨᠡᠷᠡᠰ ᠲᠤ ᠵᠢᠩᠬᠢᠨᠢ ᠪᠠᠷ ᠵᠢᠭᠰᠠᠭᠠᠭᠳᠠᠵᠤ᠂ ᠡᠨᠡ ᠬᠦ ᠣᠨᠴᠠᠭᠠᠶ ᠢᠷᠠᠭᠤ ᠠᠯᠳᠠᠷ ᠨᠢ ᠲᠦᠴᠢᠦᠸᠠᠨ ᠰᠢᠶᠠᠨ ᠤ | ᠰᠣᠶᠣᠯ ᠤᠨ ᠠᠮᠢᠳᠤᠯᠢᠭ ᠤᠯᠠᠮᠵᠢᠯᠠᠯ ᠢ ᠵᠠᠯᠭᠠᠮᠵᠢᠯᠠᠬᠤ ᠳᠤ ᠥᠯᠢᠭᠡᠷ ᠳᠠᠭᠤᠷᠢᠶᠠᠯ ᠪᠣᠯᠵᠣ᠂ ᠨᠠᠩ ᠴᠤ ᠳᠤᠮᠳᠠᠳᠤ | ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ ᠃ ᠴᠠᠭ ᠮᠥᠴᠡ ᠶᠢᠨ ᠵᠢᠷᠤᠭ ᠤᠨ ᠠᠷᠤ ᠳᠤ᠂ ᠲᠡᠳᠡ ᠬᠤᠷᠤᠭᠤᠨ ᠤ ᠳᠤᠯᠠᠭᠠᠨ ᠤ | ᠬᠡᠮᠵᠢᠶ᠎ᠡ ᠪᠠᠷ ᠴᠠᠭ ᠮᠥᠴᠡ ᠶᠢᠨ ᠥᠩᠭᠡᠷᠡᠬᠦ ᠶᠢ ᠡᠰᠡᠷᠭᠦᠴᠡᠵᠦ᠂ ᠤᠷᠠᠨ ᠳᠠᠷᠬᠠᠨ ᠤ ᠰᠡᠳᠬᠢᠯ ᠢᠶᠠᠷ ᠢᠶᠠᠨ | ᠤᠯᠠᠮᠵᠢᠯᠠᠯᠲᠤ ᠰᠣᠶᠣᠯ ᠤᠨ ᠤᠳᠤ ᠦᠶ᠎ᠡ ᠶᠢᠨ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ ᠪᠠᠶᠢᠨ᠎ᠠ ᠃ | | ᠪᠢᠷ ᠱᠦᠷᠭᠦᠭᠡᠭᠰᠡᠨ ᠴᠠᠭᠠᠨ ᠰᠠᠷ᠎ᠠ ᠶᠢᠨ ᠵᠢᠷᠤᠭ ᠢ ᠪᠠᠰᠠ ᠰᠠᠷ᠎ᠠ ᠶᠢᠨ ᠫᠠᠶᠢᠰᠠ ᠴᠠᠭᠠᠨ ᠰᠠᠷ᠎ᠠ ᠶᠢᠨ ᠵᠢᠷᠤᠭ | ᠭᠡᠳᠡᠭ᠂ ᠡᠨᠡ ᠬᠦ ᠵᠢᠷᠤᠭ ᠤᠨ ᠬᠡᠯᠪᠡᠷᠢ ᠶᠢᠨ ᠪᠣᠶ ᠪᠣᠯᠤᠭᠰᠠᠨ ᠨᠢ ᠨᠢᠭᠡᠨᠲᠡ ᠵᠠᠭᠤ ᠭᠠᠷᠤᠶ ᠵᠢᠯ ᠤᠨ ᠲᠡᠦᠬᠡ ᠲᠠᠢ | ᠪᠣᠯᠵᠣ᠂ ᠵᠢᠷᠤᠭ ᠤᠨ ᠢᠯᠡᠷᠡᠭᠦᠯᠦᠯ ᠤᠨ ᠬᠡᠯᠪᠡᠷᠢ ᠨᠢ ᠨᠠᠷᠢᠯᠢᠭ᠂ ᠵᠢᠷᠤᠭᠰᠠᠨ ᠬᠥᠮᠦᠨ ᠨᠢ ᠪᠡᠶᠡᠲᠦ ᠮᠡᠳᠡᠷᠡᠮᠵᠢ ᠪᠠ | ᠦᠨᠡᠰᠢᠷᠡᠯᠳᠡ᠂ ᠥᠩᠭᠡ ᠪᠤᠳᠤᠭ ᠬᠤᠷᠴᠠ ᠲᠣᠳᠣᠬᠠᠨ᠂ ᠨᠤᠲᠤᠭ ᠤᠨ ᠠᠭᠤᠷ ᠠᠮᠢᠰᠬᠤᠯ ᠪᠠ ᠣᠷᠣᠨ ᠨᠤᠲᠤᠭ | ᠤᠨ ᠣᠨᠴᠠᠯᠢᠭ ᠲᠠᠢ ᠃ | ᠲᠦᠴᠢᠦᠸᠠᠨ ᠰᠢᠶᠠᠨ ᠤ ᠴᠠᠭᠠᠨ ᠰᠠᠷ᠎ᠠ ᠶᠢᠨ ᠵᠢᠷᠤᠭ ᠤᠯᠠᠮᠵᠢᠯᠠᠨ ᠰᠤᠷᠭᠠᠬᠤ ᠭᠠᠵᠠᠷ ᠲᠤ᠂ ᠬᠢᠩᠭᠠᠨ ᠠᠶᠢᠮᠠᠭ | ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠴᠠᠭᠠᠨ ᠰᠠᠷ᠎ᠠ ᠶᠢᠨ ᠵᠢᠷᠤᠭ ᠤᠨ ᠲᠥᠯᠥᠭᠡᠯᠡᠬᠦ | ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠴᠧᠨ ᠫᠢᠩ ᠥᠨᠥᠳᠦᠷ ᠤᠨ ᠵᠢᠭᠠᠨ ᠰᠤᠷᠭᠠᠯᠲᠠ ᠳᠤ ᠪᠡᠯᠡᠳᠬᠡᠯ ᠬᠢᠵᠦ | ᠪᠠᠶᠢᠨ᠎ᠠ ᠃ ᠰᠢᠷᠡᠭᠡᠨ ᠳᠡᠭᠡᠷ᠎ᠡ ᠡᠯᠳᠡᠪ ᠥᠩᠭᠡ ᠶᠢᠨ ᠪᠤᠳᠤᠭ ᠲᠠᠯᠪᠢᠭᠠᠰᠤᠲᠠᠶ᠂ ᠲᠡᠷᠡ ᠪᠤᠳᠤᠭ ᠲᠣᠬᠢᠷᠠᠭᠤᠯᠬᠤ | ᠲᠠᠪᠠᠭ ᠪᠠ ᠵᠢᠷᠤᠭ ᠤᠨ ᠪᠢᠷ ᠢ ᠪᠣᠯᠪᠠᠰᠤᠷᠠᠩᠭᠤᠶ ᠠᠪᠴᠤ᠂ ᠪᠤᠳᠤᠭ ᠢ ᠲᠣᠭᠲᠠᠭᠰᠠᠨ ᠬᠠᠷᠢᠴᠠᠯ ᠢᠶᠠᠷ ᠬᠤᠯᠢᠵᠤ | ᠨᠠᠶᠢᠷᠠᠭᠤᠯᠪᠠ ᠃ ᠲᠦᠴᠢᠦᠸᠠᠨ ᠤ ᠴᠠᠭᠠᠨ ᠰᠠᠷ᠎ᠠ ᠶᠢᠨ ᠵᠢᠷᠤᠭ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ | ᠶᠢᠨ ᠲᠥᠯᠥᠭᠡ᠂ ᠬᠤᠪᠢ ᠬᠥᠮᠦᠨ ᠤ ᠵᠣᠬᠢᠶᠠᠨ ᠪᠦᠲᠦᠭᠡᠯᠭᠡ ᠠᠴᠠ ᠭᠠᠳᠠᠨ᠎ᠠ᠂ ᠴᠧᠨ ᠫᠢᠩ ᠤᠨ ᠪᠠᠶᠢᠭ᠎ᠠ | ᠲᠦᠴᠢᠦᠸᠠᠨ ᠰᠢᠶᠠᠨ ᠤ ᠰᠣᠶᠣᠯ ᠤᠨ ᠣᠷᠳᠣᠨ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠴᠠᠭᠠᠨ ᠰᠠᠷ᠎ᠠ | ᠶᠢᠨ ᠵᠢᠷᠤᠭ ᠤᠨ ᠵᠦᠯᠭᠦᠭᠦᠷ ᠤᠨ ᠬᠢᠴᠢᠶᠡᠯ ᠨᠡᠭᠡᠭᠡᠵᠦ᠂ ᠬᠢᠴᠢᠶᠡᠯ ᠳᠡᠭᠡᠷ᠎ᠡ ᠰᠤᠷᠤᠭᠴᠢᠳ ᠴᠧᠨ ᠫᠢᠩ ᠤᠨ | ᠳᠡᠷᠭᠡᠳᠡ ᠲᠣᠭᠤᠷᠢᠨ ᠰᠠᠭᠤᠵᠤ᠂ ᠡᠨᠡ ᠬᠦ ᠡᠷᠲᠡᠨ ᠤ ᠤᠷ᠎ᠠ ᠮᠡᠷᠭᠡᠵᠢᠯ ᠢ ᠨᠠᠷᠢᠨ ᠬᠢᠨᠠᠮᠠᠭᠠᠶ ᠰᠤᠷᠤᠯᠴᠠᠪᠠ ᠃ | 《 ᠪᠢ ᠬᠠᠷᠠᠬᠠᠨ ᠪᠠᠭ᠎ᠠ ᠠᠴᠠ ᠪᠠᠨ ᠤᠯᠠᠮᠵᠢᠯᠠᠯᠲᠤ ᠵᠠᠩ ᠦᠢᠯᠡ ᠶᠢᠨ ᠰᠣᠶᠣᠯ ᠳᠤ ᠪᠠᠭ᠋ᠠᠲᠠᠢ᠂ ᠢᠯᠠᠩᠭᠤᠶ᠎ᠠ | ᠪᠢᠷ ᠱᠦᠷᠭᠦᠭᠡᠭᠰᠡᠨ ᠴᠠᠭᠠᠨ ᠰᠠᠷ᠎ᠠ ᠶᠢᠨ ᠵᠢᠷᠤᠭ ᠲᠤ ᠰᠣᠨᠢᠷᠬᠠᠯ ᠲᠠᠢ᠂ ᠵᠢᠷᠤᠭ ᠨᠢᠭᠡᠪᠦᠷᠢ ᠨᠢ ᠴᠥᠮ ᠠᠷᠠᠳ | ᠤᠯᠠᠨ ᠤ ᠠᠮᠢᠳᠤᠷᠠᠯ ᠳᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠢᠯᠡᠷᠡᠭᠦᠯᠵᠦ ᠪᠠᠶᠢᠨ᠎ᠠ᠂ | ᠰᠤᠷᠤᠯᠴᠠᠯᠭ᠎ᠠ ᠪᠠᠷ ᠳᠠᠮᠵᠢᠨ ᠡᠨᠡ ᠬᠦ ᠤᠷ᠎ᠠ ᠮᠡᠷᠭᠡᠵᠢᠯ ᠢᠶᠠᠨ ᠨᠡᠩ ᠨᠠᠷᠢᠯᠢᠭ ᠪᠣᠯᠪᠠᠰᠤᠷᠠᠭᠤᠯᠵᠤ᠂ ᠲᠦᠴᠢᠦᠸᠠᠨ ᠤ | ᠪᠢᠷ ᠱᠦᠷᠭᠦᠭᠡᠭᠰᠡᠨ ᠴᠠᠭᠠᠨ ᠰᠠᠷ᠎ᠠ ᠶᠢᠨ ᠵᠢᠷᠤᠭ ᠢ ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ 》 ᠭᠡᠵᠦ | ᠴᠠᠭᠠᠨ ᠰᠠᠷ᠎ᠠ ᠶᠢᠨ ᠵᠢᠷᠤᠭ ᠤᠨ ᠪᠠᠭ᠋ᠠᠳᠠᠨ ᠪᠤᠤ ᠲᠧᠩ ᠹᠸᠢ ᠬᠡᠯᠡᠪᠡ ᠃ | ᠲᠦᠴᠢᠦᠸᠠᠨ ᠰᠢᠶᠠᠨ ᠤᠨ ᠴᠠᠭᠠᠨ ᠰᠠᠷ᠎ᠠ ᠶᠢᠨ ᠵᠢᠷᠤᠭ ᠤᠨ ᠮᠡᠷᠭᠡᠵᠢᠯ ᠨᠡᠯᠢᠶᠡᠳ ᠪᠤᠳᠤᠯᠢᠶᠠᠨ ᠲᠠᠢ᠂ ᠪᠦᠲᠦᠭᠡᠯ | ᠨᠢ ᠤᠷᠢᠳ ᠢᠶᠠᠷ ᠬᠠᠷᠠᠨᠳᠠ ᠪᠠᠷ ᠡᠬᠡ ᠨᠣᠤᠷᠠᠭ ᠢ ᠨᠢ ᠵᠢᠷᠤᠭᠯᠠᠵᠤ᠂ ᠳᠠᠷᠠᠭ᠎ᠠ ᠨᠢ ᠨᠠᠷᠢᠯᠢᠭ ᠨᠡᠭᠦᠷᠡᠰᠦᠲᠥ᠋ᠷᠥᠭᠴᠢ | ᠶᠢᠨ ᠨᠤᠨᠲᠠᠭ ᠢᠶᠠᠷ ᠲᠥᠯᠥᠪ ᠢ ᠨᠢ ᠠᠷᠴᠢᠵᠤ᠂ ᠬᠠᠮᠤᠭ ᠰᠡᠭᠦᠯ ᠳᠤ ᠤᠰᠤᠨ ᠪᠤᠳᠤᠭ ᠢ ᠳᠠᠪᠬᠤᠷ ᠳᠠᠪᠬᠤᠷ ᠢᠶᠠᠷ | ᠪᠤᠳᠤᠭᠯᠠᠨ᠂ ᠵᠢᠷᠤᠭ ᠳᠦᠷᠰᠦ ᠨᠢ ᠴᠡᠪᠡᠷ ᠲᠤᠩᠭᠠᠯᠠᠭ᠂ ᠬᠥᠮᠦᠨ ᠨᠢ ᠨᠠᠷᠢᠯᠢᠭ ᠪᠣᠳᠠᠲᠠᠶ᠂ ᠪᠡᠶᠡᠲᠦ ᠮᠡᠳᠡᠷᠡᠮᠵᠢ ᠪᠠᠷ | ᠮᠠᠰᠢ ᠴᠢᠩᠭ᠎ᠠ ᠪᠠᠶᠢᠳᠠᠭ ᠃ ᠬᠢᠴᠢᠶᠡᠯ ᠢᠶᠠᠨ ᠲᠡᠭᠦᠰᠬᠡᠭᠰᠡᠨ ᠤ ᠳᠠᠷᠠᠭ᠎ᠠ᠂ ᠴᠧᠨ ᠫᠢᠩ ᠵᠢᠷᠤᠭ ᠵᠢᠷᠤᠵᠤ ᠡᠬᠢᠯᠡᠪᠡ ᠃ | ᠵᠦᠯᠭᠦᠬᠦ ᠪᠢᠷ ᠴᠠᠭᠠᠰᠤᠨ ᠳᠡᠭᠡᠷ᠎ᠡ ᠬᠥᠩᠭᠡᠬᠡᠨ ᠢᠯᠪᠢᠵᠦ᠂ ᠥᠩᠭᠡ ᠪᠤᠳᠤᠭ ᠨᠢ ᠠᠭᠠᠵᠢᠮ ᠢᠶᠠᠷ ᠪᠤᠳᠤᠭᠳᠠᠨ | ᠨᠡᠭᠡᠭᠡᠭᠳᠡᠵᠦ᠂ ᠬᠥᠮᠦᠨ ᠤ ᠠᠷᠠᠰᠤ᠂ ᠬᠤᠪᠴᠠᠰᠤ ᠵᠠᠰᠠᠯ ᠤᠨ ᠬᠡ ᠤᠭᠠᠯᠵᠠ ᠨᠢ ᠤᠷᠠᠨ ᠨᠠᠷᠢᠨ ᠢᠶᠠᠷ ᠢᠯᠡᠷᠡᠵᠡᠶ ᠃ | ᠬᠥᠳᠡᠯᠭᠡᠭᠡᠨ ᠨᠢ ᠯᠠᠪᠳᠠᠭᠤᠨ ᠲᠣᠭᠲᠠᠭᠤᠨ ᠪᠥᠭᠡᠳ ᠪᠣᠯᠪᠠᠰᠤᠷᠠᠩᠭᠤᠶ᠂ ᠤᠳᠠᠭ᠎ᠠ ᠪᠦᠷᠢ ᠨᠢ ᠪᠦᠷ ᠡᠨᠡ ᠬᠦ ᠤᠷ᠎ᠠ | ᠮᠡᠷᠭᠡᠵᠢᠯ ᠳᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠭᠦᠨ ᠵᠤᠵᠠᠭᠠᠨ ᠰᠡᠳᠬᠢᠯᠭᠡ ᠶᠢ ᠠᠭᠤᠯᠵᠤ ᠪᠠᠶᠳᠠᠭ ᠃ | | 《 ᠨᠢᠳᠤᠨᠤᠨ ᠪᠢ 10 ᠬᠤᠪᠢ ᠨᠡᠯᠢᠶᠡᠳ ᠪᠠᠶᠠᠷ ᠬᠥᠷ ᠲᠠᠢ ᠴᠠᠭᠠᠨ ᠰᠠᠷ᠎ᠠ ᠶᠢᠨ ᠵᠢᠷᠤᠭ ᠹᠦ᠋ ᠤᠨ ᠰᠢᠷᠢᠰ ᠢ | ᠵᠣᠬᠢᠶᠠᠨ ᠪᠦᠲᠦᠭᠡᠵᠦ᠂ ᠪᠦᠲᠦᠭᠡᠯ ᠢ ᠮᠠᠰᠢ ᠰᠠᠶᠢᠨ ᠪᠡᠶᠡᠯᠡᠭᠦᠯᠦᠭᠰᠡᠨ ᠳᠤ ᠪᠢ ᠮᠠᠰᠢ ᠬᠠᠨᠤᠮᠵᠢᠲᠠᠶ ᠪᠠᠶᠢᠨ᠎ᠠ ᠃ ᠡᠨᠡ | ᠵᠢᠯ ᠪᠢ ᠥᠪᠡᠷ ᠤᠨ ᠪᠡᠶ᠎ᠡ ᠳᠡᠭᠡᠨ ᠪᠠᠰᠠ ᠠᠷᠪᠠᠨ ᠵᠣᠬᠢᠶᠠᠨ ᠪᠦᠲᠦᠭᠡᠬᠦ ᠡᠭᠦᠷᠭᠡ ᠲᠣᠭᠲᠠᠭᠠᠬᠤ ᠪᠠᠷ ᠲᠥᠯᠥᠪᠯᠡᠵᠦ | ᠪᠠᠶᠢᠨ᠎ᠠ᠂ ᠡᠨᠡ ᠤᠳᠠᠭᠠᠨ ᠤ ᠭᠤᠣᠯ ᠰᠡᠳᠦᠪ ᠪᠣᠯ ᠭᠤᠣᠯᠳᠠᠭᠤ ᠨᠤᠲᠤᠭ ᠤᠨ ᠳᠦᠷᠰᠦ ᠪᠠᠶᠢᠳᠠᠯ᠂ ᠨᠤᠲᠤᠭ ᠤᠨ | ᠣᠨᠴᠠᠯᠢᠭ ᠢ ᠲᠤᠰᠬᠠᠭᠰᠠᠨ ᠴᠠᠭᠠᠨ ᠰᠠᠷ᠎ᠠ ᠶᠢᠨ ᠵᠢᠷᠤᠭ ᠪᠣᠯᠤᠨ᠎ᠠ ᠃ ᠵᠢᠱᠢᠶᠡᠯᠡᠪᠡᠯ ᠲᠦᠴᠢᠦᠸᠠᠨ ᠪᠤᠯᠠᠭ ᠤᠨ ᠮᠢᠩ | ᠰᠢᠩ ᠬᠤ᠋ ᠨᠠᠭᠤᠷ᠂ ᠯᠣᠣ ᠳᠧᠦ ᠱᠠᠨ ᠠᠭᠤᠯᠠ᠂ ᠱᠤ᠋ ᠭᠤᠸᠠᠩ ᠯᠧᠦ ᠠᠰᠠᠷ᠂ ᠲᠥᠪ ᠴᠡᠴᠡᠷᠯᠢᠭ ᠵᠡᠷᠭᠡ ᠶᠢᠨ | ᠨᠢᠭᠡ ᠵᠢᠷᠤᠭ ᠨᠢ ᠪᠠᠷᠤᠭ ᠬᠤᠷᠢ ᠠᠴᠠ ᠨᠢᠭᠡ ᠰᠠᠷ᠎ᠠ ᠶᠢᠨ ᠴᠠᠭ ᠬᠡᠷᠡᠭᠰᠡᠵᠦ᠂ ᠨᠡᠭᠡᠭᠡᠯᠲᠡ ᠶᠢᠨ ᠡᠳᠦᠷ ᠤᠨ | ᠰᠤᠷᠤᠭᠴᠢᠳ ᠢ ᠳᠠᠭᠠᠭᠤᠯᠬᠤ ᠴᠠᠭ ᠢ ᠬᠠᠰᠤᠪᠠᠯ᠂ 10 ᠪᠦᠲᠦᠭᠡᠯ ᠢ ᠪᠡᠶᠡᠯᠡᠭᠦᠯᠵᠦ ᠪᠣᠯᠤᠨ᠎ᠠ ᠃ ᠮᠢᠨᠦ ᠵᠢᠭᠠᠨ | ᠰᠤᠷᠭᠠᠯᠲᠠ ᠪᠠᠷ ᠳᠡᠮᠵᠢᠨ ᠨᠠᠩ ᠣᠯᠠᠨ ᠵᠠᠯᠠᠭᠤᠴᠤᠳ ᠲᠤ ᠡᠨᠡ ᠬᠦ ᠤᠷ᠎ᠠ ᠮᠡᠷᠭᠡᠵᠢᠯ ᠢ ᠡᠵᠡᠮᠰᠢᠭᠦᠯᠵᠦ᠂ | ᠲᠦᠴᠢᠦᠸᠠᠨ ᠪᠤᠯᠠᠭ ᠤᠨ ᠠᠷᠴᠢᠮᠠᠯ ᠪᠢᠷ ᠤᠨ ᠴᠠᠭᠠᠨ ᠰᠠᠷ᠎ᠠ ᠶᠢᠨ ᠵᠢᠷᠤᠭ ᠢ ᠤᠯᠠᠮᠵᠢᠯᠠᠨ ᠵᠠᠯᠭᠠᠮᠵᠢᠯᠠᠬᠤ ᠶᠢ | ᠬᠦᠰᠡᠵᠦ ᠪᠠᠶᠢᠨ᠎ᠠ ᠃ 》 ᠭᠡᠵᠦ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ | ᠵᠦᠢᠯ ᠲᠦᠴᠢᠦᠸᠠᠨ ᠤ ᠴᠠᠭᠠᠨ ᠰᠠᠷ᠎ᠠ ᠶᠢᠨ ᠵᠢᠷᠤᠭ ᠤᠨ ᠤᠷᠠᠯᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ | ᠴᠧᠨ ᠫᠢᠩ ᠬᠡᠯᠡᠪᠡ ᠃ | ᠥᠨᠥᠳᠦᠷ᠂ ᠰᠢᠨ᠎ᠡ ᠴᠠᠭ ᠦᠶ᠎ᠡ ᠶᠢᠨ ᠤᠷᠤᠰᠬᠠᠯ ᠳᠣᠤᠷ᠎ᠠ᠂ ᠲᠦᠴᠢᠦᠸᠠᠨ ᠤ ᠵᠢᠷᠤᠯᠭ᠎ᠠ ᠶᠢᠨ ᠴᠣ ᠰᠢᠨ᠎ᠡ | ᠳᠦᠷᠢ ᠲᠥᠷᠬᠦ ᠪᠠᠷ ᠣᠯᠠᠨ ᠲᠦᠮᠡᠨ ᠤ ᠠᠮᠢᠳᠤᠷᠠᠯ ᠳᠤ ᠠᠭᠤᠰᠤᠨ ᠣᠷᠣᠵᠤ᠂ ᠵᠣᠬᠢᠶᠠᠨ ᠪᠦᠲᠦᠭᠡᠯᠭᠡ ᠶᠢᠨ ᠰᠡᠳᠦᠪ | ᠮᠠᠲ᠋ᠧᠷᠢᠶᠠᠯ ᠨᠢ ᠴᠦ ᠡᠳᠦᠷ ᠢᠷᠡᠬᠦᠶ᠎ᠡ ᠡᠯᠪᠡᠭ ᠪᠠᠶᠠᠯᠢᠭ ᠣᠯᠠᠨ ᠶᠠᠩᠵᠤ ᠶᠢᠨ ᠪᠣᠯᠵᠣ᠂ ᠳᠡᠷᠭᠡᠳᠡᠬᠢ ᠠᠮᠢᠳᠤᠷᠠᠯ ᠤᠨ | ᠠᠬᠤᠶ ᠪᠠᠶᠢᠳᠠᠯ ᠠᠴᠠ ᠤᠯᠠᠮᠵᠢᠯᠠᠯᠲᠤ ᠰᠢ ᠳᠠᠭᠤᠷᠢᠯᠢᠭ ᠤᠨ ᠲᠤᠭᠤᠵᠢᠰ ᠤᠨ ᠪᠠᠭᠠᠲᠤᠷ᠂ ᠳᠠᠬᠢᠨ ᠰᠢᠨ᠎ᠡ ᠴᠠᠭ | ᠦᠶ᠎ᠡ ᠶᠢᠨ ᠬᠤᠲᠠ ᠬᠥᠳᠡᠭᠡ ᠶᠢᠨ ᠬᠤᠪᠢᠷᠠᠯᠲᠠ ᠶᠢ ᠲᠤᠰᠬᠠᠬᠤ ᠵᠡᠷᠭᠡ ᠨᠢ ᠴᠥᠮ ᠴᠠᠭᠠᠨ ᠰᠠᠷ᠎ᠠ ᠶᠢᠨ ᠵᠢᠷᠤᠭ ᠤᠨ | ᠵᠣᠬᠢᠶᠠᠨ ᠪᠦᠲᠦᠭᠡᠯᠭᠡ ᠶᠢᠨ ᠪᠣᠷᠣ ᠮᠠᠲ᠋ᠧᠷᠢᠶᠠᠯ ᠪᠣᠯᠵᠣ᠂ ᠲᠦᠴᠢᠦᠸᠠᠨ ᠤ ᠵᠢᠷᠤᠯᠭ᠎ᠠ ᠶᠢᠨ ᠰᠢᠨ᠎ᠡ ᠴᠠᠭ ᠦᠶ᠎ᠡ ᠳᠤ | ᠴᠠᠭ ᠬᠤᠭᠤᠴᠠᠭ᠎ᠠ ᠪᠠ ᠣᠷᠣᠨ ᠵᠠᠶ ᠶᠢ ᠠᠯᠤᠰᠯᠠᠭᠰᠠᠨ ᠤᠷᠠᠯᠢᠭ ᠤᠨ ᠷᠢᠳᠢ ᠰᠢᠳᠢ ᠶᠢ ᠢᠯᠡᠷᠡᠭᠦᠯᠦᠭᠰᠡᠨ ᠪᠥᠭᠡᠳ | ᠨᠠᠩ ᠣᠯᠠᠨ ᠬᠥᠮᠦᠨ ᠤ ᠣᠷᠣᠯᠴᠠᠯᠭ᠎ᠠ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠡᠩᠨᠡᠭᠡᠨ ᠳᠤ | ᠲᠠᠲᠠᠭᠰᠠᠨ ᠪᠠᠶᠢᠨ᠎ᠠ ᠃ ᠲᠦᠴᠢᠦᠸᠠᠨ ᠤ ᠠᠷᠴᠢᠭᠰᠠᠨ ᠴᠠᠭᠠᠨ ᠰᠠᠷ᠎ᠠ ᠶᠢᠨ ᠵᠢᠷᠤᠭ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠬᠤ ᠦᠶ᠎ᠡ ᠳᠤ᠂ | ᠨᠢᠭᠡᠨᠲᠡ ᠲᠠᠩ ᠭᠠᠭᠴᠠ ᠵᠢᠷᠤᠭ ᠤᠨ ᠮᠡᠷᠭᠡᠵᠢᠯ ᠪᠢᠰᠢ ᠪᠣᠯᠵᠣ᠂ ᠮᠥᠨ ᠴᠦ ᠲᠦᠴᠢᠦᠸᠠᠨ ᠤ ᠠᠷᠠᠳ ᠲᠦᠮᠡᠨ ᠤ | ᠬᠠᠶᠢᠷ᠎ᠠ ᠰᠡᠳᠬᠢᠯᠭᠡ ᠶᠢᠨ ᠨᠠᠶᠢᠳᠠᠯᠭ᠎ᠠ᠂ ᠣᠷᠣᠨ ᠨᠤᠲᠤᠭ ᠤᠨ ᠰᠣᠶᠣᠯ ᠤᠨ ᠠᠮᠢᠳᠤᠯᠢᠭ ᠲᠠᠶᠢᠯᠪᠤᠷᠢ ᠪᠣᠯᠵᠣ᠂ ᠨᠠᠩ | ᠴᠤ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠢᠲᠡᠭᠡᠯ ᠤᠨ ᠬᠦᠴᠦᠲᠡᠶ ᠢᠯᠡᠷᠡᠭᠦᠯᠦᠯ ᠪᠣᠯᠤᠭᠰᠠᠨ ᠪᠠᠶᠢᠨ᠎ᠠ ᠃ | |