ᠥᠷᠯᠥᠭᠡᠨ ᠤ ᠨᠡᠷᠡᠨ ᠤ ᠭᠡᠷᠡᠯ ᠥᠷᠭᠡᠨ ᠠᠭᠤᠳᠠᠮ ᠡᠬᠡ ᠭᠠᠵᠠᠷ ᠳᠡᠭᠡᠷ᠎ᠡ ᠲᠤᠰᠴᠤ᠂ ᠲᠠᠢ ᠫᠢᠩ ᠰᠢᠶᠠᠩ ᠤᠨ | ᠡᠦ ᠰᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡᠨ ᠳᠤ ᠨᠣᠮ ᠤᠩᠰᠢᠵᠦ ᠪᠠᠶᠢᠭ᠎ᠠ ᠲᠣᠰᠬᠤᠨ ᠤ | ᠠᠷᠠᠳ ᠪᠠᠷ ᠲᠦᠭᠦᠷᠡᠵᠡᠢ᠃ ᠬᠡᠦᠬᠡᠳ ᠤᠳ ᠬᠡᠦᠬᠡᠳ ᠤᠨ ᠥᠯᠢᠭᠡᠷ ᠤᠨ ᠨᠣᠮ ᠢ ᠠᠮᠲᠠᠷᠬᠠᠨ ᠤᠩᠰᠢᠵᠤ᠂ | ᠲᠣᠰᠬᠤᠨ ᠤ ᠠᠷᠠᠳ ᠤᠳ ᠲᠡᠵᠢᠭᠡᠨ ᠦᠷᠡᠵᠢᠭᠦᠯᠬᠦ ᠮᠡᠷᠭᠡᠵᠢᠯ ᠤᠨ ᠭᠠᠷ ᠳᠡᠪᠲᠡᠷ ᠢᠶᠠᠨ ᠤᠷᠪᠠᠭᠤᠯᠤᠨ ᠬᠠᠷᠠᠵᠤ | ᠬᠠᠷᠢᠯᠴᠠᠨ ᠨᠠᠮ ᠲᠠᠭᠤᠨ ᠢᠶᠠᠷ ᠶᠠᠷᠢᠯᠴᠠᠵᠤ᠂ ᠬᠡᠳᠦᠨ ᠨᠠᠰᠤᠲᠠᠨ ᠰᠢᠯ ᠵᠡᠭᠦᠵᠦ ᠨᠣᠮ ᠪᠢᠴᠢᠭ ᠢ ᠨᠠᠷᠢᠨ ᠬᠢᠨᠠᠮᠠᠭᠠᠶ | ᠤᠩᠰᠢᠵᠤ ᠲᠡᠦᠬᠡ ᠶᠢ ᠣᠶᠢᠯᠠᠭᠠᠵᠤ᠂ ᠤᠩᠰᠢᠯᠭ᠎ᠠ ᠶᠢᠨ ᠲᠠᠭᠤᠨ ᠴᠣᠩᠬᠤᠨ ᠭᠠᠳᠠᠨ᠎ᠠ ᠴᠤᠤᠷᠢᠶᠠᠲᠤᠵᠤ ᠪᠠᠶᠢᠯ᠎ᠠ…… | ᠡᠨᠡ ᠬᠦ ᠦᠵᠡᠭᠳᠡᠯ ᠨᠢ ᠶᠠᠭ ᠲᠠᠢ ᠫᠢᠩ ᠰᠢᠶᠠᠩ ᠤᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠭᠰᠡᠨ ᠠᠮᠢᠳᠤᠯᠢᠭ ᠬᠤᠷᠢᠶᠠᠩᠭᠤᠶ ᠦᠵᠡᠭᠳᠡᠯ ᠪᠣᠯᠤᠨ᠎ᠠ᠃ | | ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠳᠡᠷᠭᠡᠳᠡᠬᠢ ︽ᠰᠣᠶᠣᠯ | ᠤᠨ ᠠᠮᠤ ᠪᠤᠳᠠᠭᠠᠨ ᠤ ᠬᠥᠮᠥᠷᠭᠡ︾ ᠶᠢ ᠪᠠᠶᠢᠭᠤᠯᠤᠨ᠎ᠠ | ᠲᠠᠢ ᠫᠢᠩ ᠰᠢᠶᠠᠩ ᠢᠮᠠᠭᠲᠠ ᠨᠠᠮ ᠤᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ︽ | ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠪᠠ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠣᠰᠬᠤᠨ ᠤ ︽ | ᠲᠠᠯ᠎ᠠ ᠨᠤᠲᠤᠭ ᠤᠨ ᠨᠣᠮ ᠤᠨ ᠥᠷᠥᠭᠡ︾ ᠳᠤ ᠨᠣᠮ ᠤᠨ ᠬᠤᠷᠭᠤ᠂ ᠨᠣᠮ ᠤᠨ ᠲᠠᠯᠪᠢᠭᠤᠷ᠂ ᠰᠢᠷᠡᠭᠡ ᠰᠠᠨᠳᠠᠯᠢ | ᠵᠡᠷᠭᠡ ᠬᠠᠲᠠᠭᠤ ᠲᠣᠨᠤᠭ ᠤᠨ ᠪᠡᠯᠡᠳᠬᠡᠮᠵᠢ ᠶᠢ ᠲᠥᠬᠦᠷᠵᠢᠭᠦᠯᠬᠦ ᠶᠢ ᠬᠠᠪᠰᠤᠷᠤᠨ ᠵᠢᠯᠣᠭᠤᠳᠴᠤ᠂ ︽ᠲᠠᠯ᠎ᠠ ᠨᠤᠲᠤᠭ | ᠤᠨ ᠨᠣᠮ ᠤᠨ ᠥᠷᠥᠭᠡ︾ ᠶᠢᠨ ᠬᠠᠮᠢᠶᠠᠷᠤᠭᠴᠢ ᠶᠢ ᠨᠡᠶᠢᠲᠡ 21 ᠨᠡᠷᠡᠰ ᠰᠣᠩᠭᠤᠨ ᠲᠣᠬᠢᠷᠠᠭᠤᠯᠵᠤ᠂ ︽ᠲᠠᠯ᠎ᠠ | ᠨᠤᠲᠤᠭ ᠤᠨ ᠨᠣᠮ ᠤᠨ ᠥᠷᠥᠭᠡ︾ ᠶᠢᠨ ᠳᠦᠷᠢᠮ ᠢ ᠲᠣᠭᠲᠠᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠵᠢᠭᠡᠯᠡᠨ ᠦᠵᠡᠬᠦ ᠲᠡᠮᠳᠡᠭᠯᠡᠯ ᠢ ᠰᠠᠶᠢᠲᠤᠷ ᠬᠢᠯᠭᠡᠵᠦ᠂ ᠨᠣᠮ ᠪᠢᠴᠢᠭ ᠢ ᠴᠠᠭ ᠲᠤᠬᠠᠶ ᠳᠤᠨᠢ ᠡᠮᠬᠢᠯᠡᠨ | ᠰᠢᠨᠡᠳᠬᠡᠪᠡ᠃ ᠡᠭᠦᠨ ᠤ ᠬᠠᠮᠲᠤ᠂ ︽ᠠᠷᠠᠳ ᠢᠷᠭᠡᠳ ᠵᠠᠬᠢᠶᠠᠯᠠᠭ᠎ᠠ ᠶᠢᠨ ᠬᠠᠭᠤᠳᠠᠰᠤ︾ ᠶᠢᠨ ᠵᠠᠭᠪᠤᠷ ᠢ ᠪᠠᠶᠢᠩᠭᠤ | ᠬᠡᠷᠡᠭᠵᠢᠭᠦᠯᠵᠦ᠂ ᠣᠯᠠᠨ ᠲᠦᠮᠡᠨ ᠰᠦᠯᠵᠢᠶᠡᠨ ᠳᠡᠭᠡᠷ᠎ᠡ ᠵᠠᠬᠢᠶᠠᠯᠠᠭ᠎ᠠ ᠶᠢᠨ ᠬᠠᠭᠤᠳᠠᠰᠤ ᠭᠠᠷᠭᠠᠭᠰᠠᠨ ᠤ ᠳᠠᠷᠠᠭ᠎ᠠ᠂ | ᠬᠠᠮᠢᠶᠠᠷᠤᠭᠴᠢ ᠠᠴᠠ ᠣᠯᠠᠨ ᠲᠦᠮᠡᠨ ᠤ ᠳᠤᠷᠠᠲᠠᠶ ᠨᠣᠮ ᠪᠢᠴᠢᠭ ᠤᠨ ᠲᠥᠷᠥᠯ ᠵᠦᠶᠯ ᠢ ᠡᠮᠬᠢᠯᠡᠨ | ᠬᠤᠷᠢᠶᠠᠩᠭᠤᠶᠢᠯᠠᠵᠤ᠂ ᠨᠠᠩ ᠣᠯᠠᠨ ᠬᠡᠷᠡᠭᠯᠡᠭᠡᠨ ᠤ ᠴᠢᠨᠠᠷ ᠢᠶᠠᠷ ᠴᠢᠩᠭ᠎ᠠ ᠨᠣᠮ ᠪᠢᠴᠢᠭ ᠢ ︽ᠲᠠᠯ᠎ᠠ ᠨᠤᠲᠤᠭ ᠤᠨ | ᠨᠣᠮ ᠤᠨ ᠥᠷᠥᠭᠡ︾ ᠳᠤ ᠣᠷᠣᠭᠤᠯᠬᠤ ᠶᠢᠨ ᠬᠠᠮᠲᠤ ᠨᠣᠮ ᠪᠢᠴᠢᠭ ᠤᠨ ᠳ᠋ᠤᠭᠠᠷᠯᠠᠬᠤ ᠪᠠ ᠳᠠᠩᠰᠠᠯᠠᠬᠤ ᠠᠵᠢᠯ ᠢ | ᠵᠡᠷᠭᠡ ᠳᠤᠨᠢ ᠰᠠᠶᠢᠲᠤᠷ ᠬᠢᠨ᠎ᠠ᠃ ᠡᠭᠦᠨ ᠤ ᠬᠠᠮᠲᠤ᠂ ᠥᠷᠭᠡᠨ ᠣᠯᠠᠨ ᠲᠦᠮᠡᠨ ᠤ ᠰᠤᠯᠠ ᠰᠡᠯᠡᠭᠦᠦ ᠴᠠᠭ ᠢᠶᠠᠨ | ᠠᠰᠢᠭᠯᠠᠨ ᠨᠣᠮ ᠤᠩᠰᠢᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠨᠣᠮ ᠤᠩᠰᠢᠬᠤ ᠬᠠᠯᠠᠭᠤᠨ ᠰᠡᠳᠬᠢᠯᠭᠡ ᠶᠢ | ᠲᠤᠶᠢᠯ ᠤᠨ ᠶᠡᠭᠡ ᠪᠠᠷ ᠬᠥᠭᠵᠢᠭᠡᠵᠦ᠂ ︽ᠪᠥᠬᠦ ᠠᠷᠠᠳ ᠤᠨ ᠨᠣᠮ ᠤᠩᠰᠢᠬᠤ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ︽ᠲᠠᠯ᠎ᠠ ᠨᠤᠲᠤᠭ ᠤᠨ ᠨᠣᠮ ᠤᠨ ᠥᠷᠥᠭᠡ︾ ᠶᠢ ᠦᠨᠡᠨ ᠬᠦ ᠣᠯᠠᠨ ᠲᠦᠮᠡᠨ ᠤ ᠳᠡᠷᠭᠡᠳᠡᠬᠢ ︽ | ᠰᠣᠶᠣᠯ ᠤᠨ ᠠᠮᠤ ᠪᠤᠳᠠᠭᠠᠨ ᠤ ᠬᠥᠮᠥᠷᠭᠡ︾ ᠪᠣᠯᠭᠠᠬᠤ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠰᠢᠶᠠᠩ | ᠳᠤ ︽ᠲᠠᠯ᠎ᠠ ᠨᠤᠲᠤᠭ ᠤᠨ ᠨᠣᠮ ᠤᠨ ᠥᠷᠥᠭᠡ︾ 21 ᠪᠠᠶᠢᠭᠤᠯᠵᠤ᠂ ᠵᠢᠯ ᠤᠨ ᠡᠬᠢᠨ ᠠᠴᠠ ᠣᠲᠣ ᠪᠣᠯᠲᠠᠯ᠎ᠠ | 400 ᠭᠠᠷᠤᠶ ᠳᠡᠪᠲᠡᠷ ᠨᠣᠮ ᠰᠢᠨ᠎ᠡ ᠪᠠᠷ ᠨᠡᠮᠡᠭᠳᠡᠪᠡ᠃ | ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠨᠤᠲᠤᠭ ᠤᠨ ᠰᠤᠷᠲᠠᠯ ᠤᠨ ᠪᠣᠯᠪᠠᠰᠤᠨ ᠤ ︽ᠲᠣᠰᠣ ᠨᠡᠮᠡᠬᠦ | ᠥᠷᠲᠡᠭᠡ︾ ᠶᠢ ᠴᠤᠭᠴᠠᠯᠠᠨ᠎ᠠ | ᠲᠠᠢ ᠫᠢᠩ ᠰᠢᠶᠠᠩ ︽ᠲᠠᠯ᠎ᠠ ᠨᠤᠲᠤᠭ ᠤᠨ ᠨᠣᠮ ᠤᠨ ᠦᠷᠦᠭᠡ︾ ᠪᠠᠷ ᠵᠢᠭᠰᠠᠭᠠᠯ ᠤᠨ ᠭᠠᠵᠠᠷ ᠪᠣᠯᠭᠠᠬᠤ ᠶᠢ | ᠪᠠᠷᠢᠮᠲᠠᠯᠠᠵᠤ᠂ ᠡᠯ᠎ᠡ ᠲᠣᠰᠬᠤᠨ ᠢ ᠢᠳᠡᠪᠬᠢᠲᠡᠢ ᠵᠣᠬᠢᠶᠠᠨ ᠪᠠᠶᠢᠭᠤᠯᠵᠤ ︽ᠤᠮᠠᠷᠠᠲᠤ ᠬᠢᠯᠢ ᠶᠢ ᠦᠵᠡᠬᠦ︾᠂ ︽ | ᠤᠮᠠᠷᠠᠲᠤ ᠬᠢᠯᠢ ᠶᠢ ᠳᠤᠯᠠᠭᠠᠯᠠᠬᠤ︾᠂ ︽ᠪᠢᠴᠢᠭ ᠤᠨ ᠦᠨᠦᠷ ᠠᠮᠲᠠ ᠪᠠᠷ ᠲᠠᠨ ᠲᠠᠢ ᠬᠠᠮᠲᠤ ᠰᠢᠨᠡᠯᠡᠬᠦ︾ ᠵᠡᠷᠭᠡ | ᠤᠯᠠᠨ ᠬᠡᠯᠪᠡᠷᠢ ᠶᠢᠨ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ ᠶᠢ ᠥᠷᠨᠢᠭᠦᠯᠵᠦ᠂ ︽ᠨᠣᠮ ᠤᠩᠰᠢᠬᠤ ᠰᠠᠶᠢᠨ᠂ | ᠨᠣᠮ ᠤᠩᠰᠢᠬᠤ ᠲᠤᠷᠠᠲᠠᠢ᠂ ᠰᠠᠶᠢᠨ ᠨᠤᠮ ᠤᠩᠰᠢᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ | ᠃ ᠡᠭᠦᠨ ᠤ ᠬᠠᠮᠲᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯ ᠲᠠᠢ ᠤᠶᠠᠯᠳᠤᠭᠤᠯᠵᠤ᠂ | ᠨᠣᠮ ᠤᠨ ᠥᠷᠥᠭᠡᠨ ᠳᠡᠭᠡᠨ ︽ᠲᠠᠯ᠎ᠠ ᠨᠤᠲᠤᠭ ᠤᠨ ᠨᠣᠮ ᠤᠨ ᠥᠷᠥᠭᠡ + ᠤᠷ᠎ᠠ ᠴᠢᠳᠠᠪᠤᠷᠢ ᠶᠢᠨ ᠪᠤᠯᠪᠠᠰᠤᠷᠠᠯ︾ | ᠂ ︽ᠲᠠᠯ᠎ᠠ ᠨᠤᠲᠤᠭ ᠤᠨ ᠨᠣᠮ ᠤᠨ ᠥᠷᠥᠭᠡ + ᠬᠠᠤᠯᠢ ᠲᠦᠭᠡᠮᠡᠯᠵᠢᠭᠦᠯᠬᠦ ᠤᠬᠠᠭᠤᠯᠭ᠎ᠠ︾᠂ ︽ᠲᠠᠯ᠎ᠠ ᠨᠤᠲᠤᠭ | ᠤᠨ ᠨᠣᠮ ᠤᠨ ᠥᠷᠥᠭᠡ + ᠵᠠᠩ ᠳᠠᠳᠬᠠᠯ ᠢ ᠥᠭᠡᠷᠡᠴᠢᠯᠡᠬᠦ︾ ᠵᠡᠷᠭᠡ ᠠᠭᠤᠰᠤᠯᠴᠠᠭᠰᠠᠨ ᠦᠶᠯᠡᠴᠢᠯᠡᠭᠡ ᠶᠢ ᠪᠣᠶ | ᠪᠣᠯᠭᠠᠬᠤ ᠶᠢᠨ ᠬᠠᠮᠲᠤ 《 ᠣᠨᠣᠯ ᠤᠨ ᠪᠢᠴᠢᠯ ᠬᠢᠴᠢᠶᠡᠯ ᠤᠨ ᠲᠠᠩᠬᠢᠮ 》 ᠢ ᠪᠠᠶᠢᠭᠤᠯᠵᠤ᠂ ᠰᠠᠶᠢᠨ ᠳᠤᠷᠠᠴᠤᠳ | ᠢ ᠵᠣᠬᠢᠶᠠᠨ ᠪᠠᠶᠢᠭᠤᠯᠤᠨ ᠣᠭ ᠵᠣᠬᠢᠶᠠᠯ ᠢ ᠤᠩᠰᠢᠬᠤ᠂ ᠪᠢᠴᠢᠯ ᠤᠬᠠᠭᠤᠯᠤᠨ ᠲᠠᠶᠢᠯᠪᠤᠷᠢᠯᠠᠬᠤ᠂ ᠨᠣᠮ ᠪᠢᠴᠢᠭ | ᠬᠦᠷᠭᠡᠬᠦ ᠵᠡᠷᠭᠡ ᠠᠷᠭ᠎ᠠ ᠬᠡᠯᠪᠡᠷᠢ ᠪᠠᠷ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢ ︽ᠡᠬᠡᠯ ᠠᠷᠠᠳ ᠤᠨ ᠬᠡᠷ ᠲᠤ | ᠬᠦᠷᠭᠡᠵᠦ︾᠂ ᠨᠠᠩ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠴᠤ᠂ ︽ᠲᠠᠯ᠎ᠠ ᠨᠤᠲᠤᠭ ᠤᠨ ᠨᠣᠮ ᠤᠨ | ᠥᠷᠥᠭᠡ ᠶᠢ ᠬᠤᠪᠢᠰᠬᠠᠯᠳᠤ ᠰᠤᠷᠭᠠᠨ ᠬᠦᠮᠦᠵᠢᠯ ᠤᠨ ︽ᠰᠢᠨ᠎ᠡ ᠵᠢᠭᠰᠠᠭᠠᠯ ᠤᠨ ᠭᠠᠵᠠᠷ︾ ᠪᠤᠯᠭᠠᠵᠦ᠂ ᠰᠢᠶᠠᠩ ᠤᠨ | ᠰᠤᠷᠳᠠᠯ ᠤᠨ ︽ᠲᠤᠰᠥ ᠨᠡᠮᠡᠬᠦ ᠦᠷᠳᠡᠭᠡ︾ ᠪᠤᠯᠠᠭᠠᠨ ᠬᠤᠪᠢᠷᠠᠭᠤᠯᠤᠨ᠎ᠠ᠃︾ ᠵᠢᠯ ᠤᠨ ᠡᠬᠢᠨ ᠠᠴᠠ ᠤᠳᠤ | ᠪᠣᠯᠲᠠᠯ᠎ᠠ᠂ ᠡᠯ᠎ᠡ ᠵᠦᠢᠯ ᠤᠨ ᠠᠵᠢᠯᠯᠠᠭ᠎ᠠ ᠶᠢ ᠨᠡᠶᠢᠳᠡ 56 ᠤᠳᠠᠭ᠎ᠠ ᠥᠷᠨᠢᠭᠦᠯᠵᠦ᠂ 1200 ᠭᠠᠷᠤᠢ ᠬᠥᠮᠦᠨ | ᠤᠯᠠᠨ ᠲᠦᠮᠡᠨ ᠳᠤ ᠣᠷᠣᠯᠴᠠᠪᠠ᠃ ︽ᠣᠲᠣ ᠲᠣᠰᠬᠤᠨ ᠤ ᠨᠣᠮ ᠤᠨ ᠥᠷᠥᠭᠡ ᠶᠢᠨ ᠣᠷᠴᠢᠨ ᠲᠣᠭᠤᠷᠢᠨ ᠤᠯᠠᠮ | ᠠᠴᠠ ᠤᠯᠠᠮ ᠰᠠᠶᠢᠵᠢᠷᠠᠵᠤ᠂ ᠨᠣᠮ ᠤᠨ ᠲᠥᠷᠥᠯ ᠵᠦᠶᠯ ᠴᠦ ᠮᠠᠰᠢ ᠣᠯᠠᠨ ᠪᠣᠯᠵᠣ ᠪᠠᠶᠢᠨ᠎ᠠ᠂ ᠪᠢ ᠭᠠᠷᠠᠭ ᠪᠦᠷᠢ | ᠬᠡᠦᠬᠡᠳ ᠢᠶᠠᠨ ᠳᠠᠭᠠᠭᠤᠯᠤᠨ ᠨᠣᠮ ᠦᠵᠡᠳᠡᠭ᠃︾ ᠭᠡᠵᠦ ᠲᠣᠰᠬᠤᠨ ᠤ ᠠᠷᠠᠳ ᠯᠢ ᠪᠥᠸᠧ ᠢᠨᠢᠶᠡᠮᠰᠦᠭᠯᠡᠨ | ᠬᠡᠯᠡᠪᠡ᠃ | | ᠰᠣᠶᠣᠯ ᠢᠶᠠᠷ ᠬᠥᠮᠦᠨ ᠢ ᠬᠥᠮᠦᠵᠢᠭᠦᠯᠬᠦ ᠶᠢ ᠴᠢᠬᠤᠯᠠᠴᠢᠯᠠᠵᠤ᠂ ᠰᠤᠷᠤᠭᠴᠢᠳ ᠤᠨ ᠲᠤᠷᠠᠳᠠᠢ ︽ᠪᠢᠴᠢᠭ ᠤᠨ | ᠰᠤᠷᠪᠤᠯᠵᠢᠲᠤ ᠬᠢᠴᠢᠶᠡᠯ ᠤᠨ ᠲᠠᠩᠬᠢᠮ︾ ᠢ ᠪᠠᠶᠢᠭᠤᠯᠤᠨ᠎ᠠ᠃ | ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠨᠣᠮ ᠪᠢᠴᠢᠭ ᠤᠨ ᠠᠰᠢᠭᠯᠠᠯᠲᠠ ᠶᠢᠨ ᠨᠣᠷᠮ᠎ᠠ ᠶᠢ ᠦᠨᠡᠨᠬᠦ | ᠳᠡᠭᠡᠭᠰᠢᠯᠡᠭᠦᠯᠬᠦ ᠶᠢᠨ ᠲᠤᠰᠠᠳᠠ᠂ ᠲᠠᠢ ᠫᠢᠩ ᠰᠢᠶᠠᠩ ᠬᠢᠭᠡᠳ ᠰᠢᠶᠠᠨ ᠤ ᠰᠢᠨᠬᠤᠸᠠ ᠨᠣᠮ ᠤᠨ ᠳᠡᠯᠭᠡᠭᠦᠷ᠂ ᠲᠠᠢ | ᠫᠢᠩ ᠭᠤᠣᠯ ᠪᠠᠭ᠎ᠠ ᠰᠤᠷᠭᠠᠭᠤᠯᠢ ᠢᠳᠡᠪᠬᠢᠲᠡᠶ ᠨᠡᠪᠲᠡᠷᠡᠯᠴᠡᠵᠦ᠂ ᠣᠯᠠᠨ ᠶᠠᠩᠵᠤᠴᠢᠯᠠᠭᠰᠠᠨ ︽ᠨᠣᠮ ᠪᠢᠴᠢᠭ | ᠰᠤᠷᠭᠠᠭᠤᠯᠢ ᠶᠢᠨ ᠬᠦᠷᠢᠶᠡᠨ ᠳᠤ ᠣᠷᠣᠬᠤ︾ ᠤᠩᠰᠢᠯᠭ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠤᠩᠰᠢᠬᠤ ᠳᠤ ᠲᠣᠬᠢᠷᠠᠬᠤ ᠴᠢᠨᠠᠷ ᠰᠠᠶᠢᠲᠠᠶ ᠨᠣᠮ ᠪᠢᠴᠢᠭ ᠢ ᠨᠠᠷᠢᠨ ᠨᠢᠮᠪᠠᠶ | ᠰᠢᠯᠢᠨ ᠰᠣᠩᠭᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ ᠡᠮᠬᠢᠯᠡᠭᠡᠳ ᠰᠤᠷᠭᠠᠭᠤᠯᠢ ᠶᠢᠨ ᠨᠣᠮ | ᠤᠨ ᠥᠷᠥᠭᠡ ᠶᠢᠨ ᠬᠠᠮᠢᠶᠠᠷᠤᠭᠴᠢ ᠳᠤ ᠲᠤᠰᠢᠶᠠᠵᠤ ᠴᠢᠩᠭ᠎ᠠ ᠬᠢᠨᠠᠭᠤᠯᠤᠨ᠂ ᠳᠠᠩᠰᠠᠯᠠᠨ ᠲᠠᠯᠪᠢᠭᠤᠷ ᠲᠤ ᠲᠠᠯᠪᠢᠵᠤ᠂ | ᠰᠤᠷᠤᠭᠴᠢᠳ ᠤᠨ ᠵᠢᠭᠡᠯᠡᠵᠦ ᠦᠵᠡᠬᠦ ᠳᠤ ᠳᠥᠭᠦᠮ ᠦᠵᠡᠭᠦᠯᠦᠨ᠎ᠡ᠃ ᠪᠠᠰᠠ ᠴᠢᠬᠤᠯᠠ ᠤᠯᠠᠮᠵᠢᠯᠠᠯᠲᠤ ᠰᠣᠶᠣᠯ ᠤᠨ | ᠪᠠᠶᠠᠷ ᠤᠨ ᠡᠳᠦᠷ᠂ ᠳᠡᠯᠡᠬᠡᠶ ᠶᠢᠨ ᠨᠣᠮ ᠤᠩᠰᠢᠬᠤ ᠡᠳᠦᠷ᠂ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠲᠠᠢ | ᠤᠶᠠᠯᠳᠤᠭᠤᠯᠤᠨ ︽ᠨᠣᠮ ᠪᠢᠴᠢᠭ ᠤᠨ ᠴᠤᠪᠤᠷᠠᠯ︾ ᠤᠨ ᠠᠵᠢᠯᠯᠠᠭ᠎ᠠ ᠶᠢ ᠥᠷᠨᠢᠭᠦᠯᠵᠦ᠂ ︽ᠨᠣᠮ ᠪᠢᠴᠢᠭ︾ ᠢᠶᠠᠷ | ᠬᠤᠯᠪᠣᠭᠠᠰᠤ ᠪᠣᠯᠭᠠᠨ᠂ ᠰᠤᠷᠤᠭᠴᠢᠳ ᠤᠨ ᠣᠯᠠᠨ ᠶᠠᠩᠵᠤ ᠶᠢᠨ ᠤᠩᠰᠢᠯᠭ᠎ᠠ ᠶᠢᠨ ᠬᠡᠷᠡᠭᠴᠡᠭᠡ ᠶᠢ ᠪᠦᠲᠦᠮᠵᠢᠲᠡᠶ | ᠬᠠᠩᠭᠠᠵᠤ᠂ ᠨᠣᠮ ᠤᠩᠰᠢᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠨ᠂ ᠠᠮᠢᠳᠤᠷᠠᠯ ᠤᠨ ᠲᠥᠷᠥᠭᠳᠡᠯ ᠢᠶᠠᠨ | ᠰᠣᠯᠢᠯᠴᠠᠵᠤ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠨᠢ ᠬᠠᠷᠢᠯᠴᠠᠨ ᠦᠶᠯᠡᠳᠦᠯᠴᠡᠬᠦ ᠳᠤᠮᠳᠠ | ᠴᠢᠩᠭᠠᠷᠠᠭᠰᠠᠨ ᠪᠠᠶᠢᠨ᠎ᠠ᠃ ︽ᠨᠣᠮ ᠪᠢᠴᠢᠭ ᠬᠥᠪᠬᠦ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠬᠡᠦᠬᠡᠳ ᠤᠳ | ᠤᠨ ᠤᠩᠰᠢᠯᠭ᠎ᠠ ᠶᠢᠨ ᠤᠷᠮ᠎ᠠ ᠪᠠᠬ᠎ᠠ ᠡᠳᠦᠷ ᠢᠷᠡᠬᠦᠶ᠎ᠡ ᠨᠡᠮᠡᠭᠳᠡᠵᠦ᠂ ᠨᠣᠮ ᠪᠢᠴᠢᠭ ᠢ ᠥᠪᠡᠷ ᠤᠨ ᠰᠠᠶᠢᠨ ᠬᠠᠨᠢᠲᠠᠨ | ᠪᠣᠯᠭᠠᠵᠤ᠂ ᠬᠡᠦᠬᠡᠳ ᠤᠳ ᠢ ᠬᠠᠪᠰᠤᠷᠤᠨ ᠨᠣᠮ ᠪᠢᠴᠢᠭ ᠤᠩᠰᠢᠬᠤ ᠳᠤᠷᠠᠲᠠᠢ ᠰᠠᠶᠢᠨ ᠳᠠᠳᠬᠠᠯ ᠲᠠᠢ ᠪᠣᠯᠭᠠᠵᠠᠢ᠃︾ | ᠭᠡᠵᠦ ᠲᠠᠢ ᠫᠢᠩ ᠭᠤᠤᠯ ᠪᠠᠭ᠎ᠠ ᠰᠤᠷᠭᠠᠭᠤᠯᠢ ᠶᠢᠨ ᠪᠠᠭᠰᠢ ᠪᠠᠶᠠᠷᠲᠠᠶ ᠬᠡᠯᠡᠨ᠎ᠡ᠃ ᠡᠭᠦᠨ ᠠᠴᠠ ᠭᠠᠳᠠᠨ᠎ᠠ᠂ ᠡᠯ᠎ᠡ | ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠨᠢ ᠵᠠᠯᠠᠭᠤᠴᠤᠳ ᠪᠠᠭᠠᠴᠤᠳ ᠲᠤ ᠠᠮᠠᠷᠠᠯᠲᠠ ᠶᠢᠨ | ᠬᠤᠭᠤᠴᠠᠭᠠᠨ ᠤ ᠤᠩᠰᠢᠯᠭ᠎ᠠ ᠶᠢᠨ ᠠᠩᠭᠢ ᠶᠢ ᠰᠢᠨ᠎ᠡ ᠶᠢ ᠡᠭᠦᠳᠬᠦ ᠴᠢᠨᠠᠷᠲᠠᠶ ᠪᠠᠷ ᠨᠡᠭᠡᠭᠡᠨ ᠥᠭᠴᠦ᠂ ᠬᠡᠦᠬᠡᠳ | ᠤᠳ ᠤᠨ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠦᠨ ᠥᠭᠭᠦᠭᠰᠡᠨ ᠢᠶᠠᠷ ᠪᠠᠷᠠᠬᠤ ᠦᠭᠡᠶ᠂ | ᠪᠠᠰᠠ ᠲᠡᠳᠡᠨ ᠳᠤ ᠠᠮᠠᠷᠠᠯᠲᠠ ᠶᠢᠨ ᠬᠤᠭᠤᠴᠠᠭᠠᠨ ᠤ ᠰᠤᠷᠤᠯᠴᠠᠯᠭ᠎ᠠ ᠰᠣᠯᠢᠯᠴᠠᠭᠠᠨ ᠤ ᠲᠠᠪᠴᠠᠩ ᠬᠠᠩᠭᠠᠵᠤ | ᠥᠭᠴᠡᠶ᠃ | ᠲᠠᠯ᠎ᠠ ᠨᠤᠲᠤᠭ ᠤᠨ ᠨᠣᠮ ᠤᠨ ᠥᠷᠥᠭᠡ ᠨᠢ ᠨᠣᠮ ᠤᠩᠰᠢᠬᠤ ᠭᠠᠵᠠᠷ ᠪᠣᠯᠬᠤ ᠪᠠᠷ ᠪᠠᠷᠠᠬᠤ ᠦᠭᠡᠶ ᠨᠡᠩ ᠴᠤ | ᠬᠥᠮᠦᠰ ᠤᠨ ᠰᠡᠳᠬᠢᠯ ᠢ ᠨᠢᠭᠲᠠᠷᠠᠭᠤᠯᠵᠤ᠂ ᠨᠤᠲᠤᠭ ᠤᠨ ᠰᠤᠷᠲᠠᠯ ᠢ ᠪᠣᠶᠢᠵᠢᠭᠤᠯᠬᠤ ᠪᠣᠯᠪᠠᠰᠤᠨ ᠵᠢᠭᠰᠠᠭᠠᠯ ᠤᠨ | ᠭᠠᠵᠠᠷ ᠪᠣᠯᠤᠨ᠎ᠠ᠃ ᠵᠠᠯᠭᠠᠭᠠᠳ ᠲᠠᠢ ᠫᠢᠩ ᠰᠢᠶᠠᠩ ︽ᠲᠠᠯ᠎ᠠ ᠨᠤᠲᠤᠭ ᠤᠨ ᠨᠣᠮ ᠤᠨ ᠦᠷᠦᠭᠡ︾ ᠶᠢᠨ | ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠲᠠᠯ᠎ᠠ ᠨᠤᠲᠤᠭ ᠤᠨ ᠨᠣᠮ ᠤᠨ ᠦᠷᠦᠭᠡ | ᠪᠣᠯᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠰᠣᠶᠣᠯ ᠤᠨ ᠠᠭᠤᠳᠠᠮ ᠲᠠᠯᠠᠪᠠᠢ ᠵᠡᠷᠭᠡ ᠵᠢᠭᠰᠠᠭᠠᠯ ᠤᠨ | ᠭᠠᠵᠠᠷ ᠤᠨ ᠡᠬᠢ ᠪᠠᠶᠠᠯᠢᠭ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠲᠠᠯ᠎ᠠ ᠨᠤᠲᠤᠭ ᠤᠨ ᠨᠣᠮ ᠤᠨ | ᠦᠷᠦᠭᠡ︾ ᠶᠢᠨ ᠰᠣᠶᠣᠯ ᠤᠨ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠣᠶᠣᠯ ᠤᠨ ᠦᠷ᠎ᠡ ᠶᠢ | ᠲᠣᠰᠬᠤᠨ ᠤ ᠠᠷᠠᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠤᠨ᠎ᠠ᠃ |