︽ᠣᠷᠣᠯᠠᠨ ᠰᠠᠭᠤᠯᠭᠠᠨ ᠠᠪᠬᠤ ᠣᠷᠣᠯᠠᠨ ᠬᠤᠷᠢᠶᠠᠬᠤ ᠣᠷᠣᠯᠠᠨ ᠲᠠᠲᠠᠪᠤᠷᠢᠯᠠᠬᠤ ᠭᠠᠶᠢᠯᠢ ᠶᠢᠨ ᠵᠣᠭᠤᠰ ᠤᠨ | ᠭᠠᠷᠳᠠᠮ ᠤᠨ ᠰᠦᠢᠳᠬᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠮᠡᠳᠡᠭᠳᠡᠯ︾ ︵ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠶᠠᠪᠤᠳᠠᠯ ᠶᠠᠮᠤᠨ | ᠲᠠᠷᠬᠠᠭᠠᠭᠰᠠᠨ ﹇2023﹈ 48 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠪᠡᠯ᠂ ᠣᠷᠣᠯᠠᠨ ᠰᠠᠭᠤᠯᠭᠠᠨ | ᠠᠪᠴᠤ᠂ ᠣᠷᠣᠯᠠᠨ ᠬᠤᠷᠢᠶᠠᠨ ᠠᠪᠴᠤ ᠰᠠᠭᠤᠯᠭᠠᠨ ᠠᠪᠴᠤ ᠲᠤᠰᠢᠶᠠᠬᠤ ᠡᠭᠦᠷᠭᠡᠳᠡᠨ ᠪᠠ ᠣᠷᠣᠯᠠᠨ | ᠲᠠᠲᠠᠪᠤᠷᠢᠯᠠᠭᠴᠢ ᠨᠢ ᠵᠢᠯ ᠪᠦᠷᠢ ᠶᠢᠨ 3 ᠰᠠᠷ᠎ᠠ ᠶᠢᠨ 31 ᠤ ᠡᠳᠦᠷ ᠠᠴᠠ ᠡᠮᠦᠨ᠎ᠡ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠲᠦᠷᠦᠬᠦᠤ ᠵᠢᠯ ᠤᠨ ︽ᠭᠤᠷᠪᠠᠨ ᠦᠶ᠎ᠡ︾ ᠶᠢᠨ ᠭᠠᠶᠢᠯᠢ ᠶᠢᠨ ᠵᠣᠭᠤᠰ ᠤᠨ ᠭᠠᠷ | ᠭᠦᠢᠴᠡᠳᠬᠡᠯ ᠤᠨ ᠰᠦᠢᠳᠬᠡᠯ ᠭᠤᠶᠤᠴᠢᠯᠠᠬᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠂ ︽ | ᠭᠤᠷᠪᠠᠨ ᠦᠶ᠎ᠡ︾ ᠶᠢᠨ ᠨᠢᠭᠡᠴᠡ ᠪᠤᠶᠤ ᠬᠤᠪᠢ ᠬᠥᠮᠥᠨ ᠤ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ | ᠭᠤᠶᠤᠴᠢᠯᠠᠯ ᠢᠶᠠᠨ ᠴᠠᠭ ᠲᠤᠬᠠᠢ ᠳᠤᠨᠢ ᠲᠤᠰᠢᠶᠠᠭᠰᠠᠨ ᠦᠭᠡᠢ ᠪᠤᠯ᠂ ᠲᠦᠷᠦᠬᠦᠤ ᠵᠢᠯ ᠤᠨ ︽ᠭᠤᠷᠪᠠᠨ ᠦᠶ᠎ᠡ︾ | ᠶᠢᠨ ᠭᠠᠶᠢᠯᠢ ᠶᠢᠨ ᠵᠣᠭᠤᠰ ᠤᠨ ᠭᠠᠷ ᠭᠦᠢᠴᠡᠳᠬᠡᠯ ᠤᠨ ᠰᠦᠢᠳᠬᠡᠯ ᠢ ᠰᠠᠨᠠᠭᠠᠴᠢᠯᠠᠭ᠎ᠠ ᠠᠴᠠ ᠪᠠᠨ | ᠲᠠᠶᠠᠭᠳᠠᠭᠰᠠᠨ ᠢᠶᠠᠷ ᠦᠵᠡᠨ᠎ᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠠᠰᠢᠭ ᠣᠷᠣᠯᠭ᠎ᠠ ᠶᠢᠨ | ᠭᠠᠶᠢᠯᠢ ᠶᠢᠨ ᠬᠠᠤᠯᠢ︾ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠰᠠᠭᠤᠯᠭᠠᠨ | ᠠᠪᠴᠤ ᠲᠤᠰᠢᠶᠠᠬᠤ ᠡᠭᠦᠷᠭᠡᠲᠦ ᠬᠥᠮᠥᠨ ᠳᠤ ᠰᠠᠭᠤᠯᠭᠠᠨ ᠠᠪᠴᠤ ᠲᠤᠰᠢᠶᠠᠭᠰᠠᠨ ᠭᠠᠶᠢᠯᠢ ᠶᠢᠨ ᠵᠣᠭᠤᠰ ᠤᠨ ᠬᠢᠨᠢ | ᠵᠠᠭᠤᠨ ᠤ ᠬᠤᠶᠠᠷ ᠤᠨ ᠭᠠᠷ ᠭᠦᠢᠴᠡᠳᠬᠡᠯ ᠤᠨ ᠰᠦᠢᠳᠬᠡᠯ ᠢ ᠥᠭᠭᠦᠨ᠎ᠡ᠃ | 2025 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ᠂ ᠰᠠᠭᠤᠯᠭᠠᠨ | ᠠᠪᠴᠤ ᠲᠤᠰᠢᠶᠠᠭᠰᠠᠨ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ ᠨᠢ ᠬᠤᠪᠢ ᠬᠥᠮᠥᠨ ᠤ ᠡᠯᠧᠺᠲᠷᠣᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠰᠠᠭᠤᠯᠭᠠᠨ ᠠᠪᠴᠤ ᠲᠤᠰᠢᠶᠠᠬᠤ ᠦᠵᠦᠭᠦᠷ︶ ᠶᠢᠨ ︽ᠪᠤᠴᠠᠭᠠᠨ | ᠲᠤᠰᠢᠶᠠᠬᠤ ᠭᠠᠷ ᠭᠦᠢᠴᠡᠳᠬᠡᠯ ᠤᠨ ᠰᠦᠢᠳᠬᠡᠯ ᠢ ᠬᠠᠷᠭᠤᠭᠤᠯᠬᠤ︾ ᠵᠠᠭᠪᠤᠷ ᠢᠶᠠᠷ ᠳᠠᠮᠵᠢᠭᠤᠯᠤᠨ 2024 ᠣᠨ ᠤ | ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠰᠠᠭᠤᠯᠭᠠᠨ ᠲᠤᠰᠢᠶᠠᠭᠰᠠᠨ ᠭᠠᠷ ᠭᠦᠢᠴᠡᠳᠬᠡᠯ ᠤᠨ | ᠰᠦᠢᠳᠬᠡᠯ ᠢ ᠪᠤᠴᠠᠭᠠᠨ ᠦᠭᠬᠦ ᠪᠠᠷ ᠭᠤᠶᠤᠴᠢᠯᠠᠵᠤ ᠪᠣᠯᠣᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠠᠰᠢᠭ ᠣᠷᠣᠯᠭ᠎ᠠ ᠶᠢᠨ | ᠭᠠᠶᠢᠯᠢ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠭᠠᠶᠢᠯᠢ ᠲᠤᠰᠢᠶᠠᠭᠴᠢ ᠨᠢ ᠡᠵᠡᠩᠨᠡᠯᠲᠡ ᠶᠢᠨ ᠠᠰᠢᠭ | ᠣᠷᠣᠯᠭ᠎ᠠ ᠶᠢ ᠣᠯᠣᠭᠰᠠᠨ ᠪᠠᠶᠢᠪᠠᠯ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠵᠢᠯ ᠢᠶᠠᠷ ᠪᠤᠳᠤᠵᠤ᠂ | ᠣᠯᠣᠭᠰᠠᠨ ᠠᠰᠢᠭ ᠣᠷᠣᠯᠭ᠎ᠠ ᠶᠢᠨ ᠲᠠᠷᠠᠭ᠎ᠠ ᠵᠢᠯ ᠤᠨ ᠬᠢᠨᠢ 3 ᠰᠠᠷ᠎ᠠ ᠶᠢᠨ 31 ᠤ ᠡᠳᠦᠷ ᠠᠴᠠ ᠡᠮᠦᠨ᠎ᠡ | ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠯᠭᠠᠨ᠎ᠠ᠃ ᠲᠤᠬᠠᠶᠢᠯᠠᠪᠠᠯ 2024 ᠣᠨ ᠤ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢ ᠨᠡᠶᠢᠯᠡᠭᠦᠯᠦᠨ ᠪᠤᠳᠤᠵᠤ | ᠢᠯᠭᠠᠷᠠᠭᠤᠯᠤᠨ ᠲᠤᠰᠢᠶᠠᠬᠤ ᠬᠤᠭᠤᠴᠠᠭ᠎ᠠ ᠨᠢ 2025 ᠣᠨ ᠤ 1 ᠰᠠᠷ᠎ᠠ ᠶᠢᠨ 1 ᠤ ᠡᠳᠦᠷ ᠠᠴᠠ 2025 | ᠣᠨ ᠤ 3 ᠰᠠᠷ᠎ᠠ ᠶᠢᠨ 31 ᠤ ᠡᠳᠦᠷ ᠪᠣᠯᠣᠨ᠎ᠠ᠃ ᠲᠤᠰᠢᠶᠠᠬᠤ ᠬᠤᠭᠤᠴᠠᠭ᠎ᠠ ᠲᠤᠯᠬᠤ 7 ᠡᠳᠦᠷ ᠦᠯᠡᠳᠡᠵᠦ | ᠪᠠᠶᠢᠬᠤ ᠳᠤ ᠮᠦᠨ ᠯᠡ ᠮᠡᠳᠡᠭᠦᠯᠦᠯᠲᠡ ᠪᠠᠨ ᠳᠠᠭᠤᠰᠬᠠᠭᠠᠳᠤᠢ ᠪᠣᠯ ᠴᠠᠭ ᠢ ᠵᠠᠪᠳᠤᠭᠠᠷᠠᠢ᠃ |