ᠤᠯᠠᠨ ᠢᠶᠠᠷ ᠢᠶᠠᠨ  ᠮᠡᠳᠡᠵᠦ ᠠᠪᠤᠭᠠᠷᠠᠢ ︕  ᠳᠠᠷᠠᠭ᠎ᠠ ᠭᠠᠷᠠᠭ ᠤᠨ ᠠᠵᠢᠯᠯᠠᠬᠤ ᠴᠠᠭ ᠬᠤᠪᠢᠷᠠᠯᠲᠠ ᠲᠠᠢ︕
ᠨᠡᠶᠢᠲᠡᠯᠡᠭᠰᠡᠨ ᠴᠠᠭ᠄
2025/3/27
   ᠳᠠᠷᠠᠭ᠎ᠠ ᠭᠠᠷᠠᠭ ᠲᠤ ᠬᠠᠩᠰᠢ ᠶᠢᠨ ᠠᠮᠠᠷᠠᠯᠲᠠ ᠪᠤᠯᠤᠯ᠎ᠠ︕ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ 4 ᠰᠠᠷ᠎ᠠ ᠶᠢᠨ 4 ᠤ ᠡᠳᠦᠷ ︵ᠳᠠᠷᠠᠭ᠎ᠠ ᠭᠠᠷᠠᠭ ᠤᠨ ᠲᠠᠪᠤᠨ︶ ᠠᠴᠠ 4 ᠰᠠᠷ᠎ᠠ ᠶᠢᠨ 6 ᠤ ᠡᠳᠦᠷ ︵ᠳᠠᠷᠠᠭ᠎ᠠ ᠭᠠᠷᠠᠭ ᠤᠨ ᠡᠳᠦᠷ︶ ᠪᠣᠯᠲᠠᠯ᠎ᠠ ᠭᠤᠷᠪᠠᠨ ᠡᠳᠦᠷ ᠠᠮᠠᠷᠠᠨ᠎ᠠ᠂ ᠡᠳᠦᠷ ᠰᠤᠯᠢᠵᠤ ᠠᠮᠠᠷᠠᠬᠤ ᠦᠭᠡᠢ᠃    2025 ᠣᠨ ᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠰᠦᠢᠳᠬᠡᠯ ᠬᠤᠷᠢᠶᠠᠬᠤ ᠦᠭᠡᠢ᠃ ᠬᠠᠩᠰᠢ ᠶᠢᠨ ᠠᠮᠠᠷᠠᠯᠲᠠ ᠶᠢᠨ 4 ᠰᠠᠷ᠎ᠠ ᠶᠢᠨ 4 ᠤ ᠡᠳᠦᠷ ᠤᠨ 0 ᠴᠠᠭ ᠠᠴᠠ 6 ᠤ ᠡᠳᠦᠷ ᠤᠨ 24 ᠴᠠᠭ ᠪᠤᠯᠳᠠᠯᠠᠬᠢ ᠬᠤᠭᠤᠴᠠᠭᠠᠨ ᠳᠤ ᠪᠦᠬᠦᠶᠢᠯᠡ ᠰᠦᠢᠳᠬᠡᠯ ᠬᠤᠷᠢᠶᠠᠳᠠᠭ ᠵᠠᠰᠠᠮᠠᠯ ᠵᠠᠮ ︵ᠨᠢᠰᠬᠡᠯ ᠤᠨ ᠪᠠᠭᠤᠳᠠᠯ ᠤᠨ ᠬᠤᠷᠳᠤᠨ ᠤ ᠵᠠᠰᠠᠮᠠᠯ ᠵᠠᠮ᠂ ᠰᠦᠢᠳᠬᠡᠯ ᠬᠤᠷᠢᠶᠠᠬᠤ ᠬᠥᠭᠦᠷᠭᠡ ᠪᠠ ᠨᠦᠬᠡᠨ ᠵᠠᠮ ᠪᠠᠭᠲᠠᠨ᠎ᠠ︶ ᠰᠦᠢᠳᠭᠡᠯ ᠬᠤᠷᠢᠶᠠᠬᠤ ᠦᠭᠡᠢ᠃ 4 ᠰᠠᠷ᠎ᠠ ᠶᠢᠨ 7 ᠤ ᠡᠳᠦᠷ ᠤᠨ 0 ᠴᠠᠭ ᠠᠴᠠ ᠡᠬᠢᠯᠡᠨ ᠬᠡᠪ ᠤᠨ ᠰᠦᠢᠳᠬᠡᠯ ᠬᠤᠷᠢᠶᠠᠯᠲᠠ ᠶᠢ ᠰᠡᠷᠭᠦᠭᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号