ᠣᠯᠠᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠡᠳᠡᠭᠡᠷ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ ᠳᠠᠮᠵᠢᠭᠤᠯᠵᠠᠢ
ᠨᠡᠶᠢᠲᠡᠯᠡᠭᠰᠡᠨ ᠴᠠᠭ᠄
2025/3/27

ᠡᠳ᠋ ᠤᠨ ᠵᠠᠰᠠᠭ ᠤᠨ ᠶᠠᠮᠤᠨ᠄

  ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ︾ ᠶᠢ ᠰᠠᠶᠢᠲᠤᠷ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ

ᠵᠠᠰᠠᠭ ᠤᠨ ᠲᠥᠷᠥ ᠶᠢᠨ ᠪᠣᠳᠣᠯᠭ᠎ᠠ ᠶᠢᠨ ᠴᠢᠳᠠᠪᠬᠢ ᠶᠢ ᠦᠷᠭᠦᠯᠵᠢᠯᠡᠨ ᠪᠠᠳᠠᠷᠠᠭᠤᠯᠤᠨ᠎ᠠ

ᠥᠨᠥ ᠵᠢᠯ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠪᠣᠯᠣᠨ᠎ᠠ᠂

ᠡᠭᠦᠨ ᠤ ᠢᠯᠡ ᠲᠣᠳᠣ ᠨᠢᠭᠡᠨ ᠣᠨᠴᠠᠯᠢᠭ ᠭᠡᠪᠡᠯ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ᠂ ᠡᠳ᠋ ᠤᠨ

ᠵᠠᠰᠠᠭ ᠤᠨ ᠳᠠᠮ ᠬᠦᠦ᠂ ᠲᠤᠰᠬᠠᠢ ᠵᠦᠢᠯ ᠤᠨ ᠪᠡᠯᠡ ᠮᠥᠩᠭᠦ᠂ ᠭᠠᠶᠢᠯᠢ ᠰᠦᠢᠳᠬᠡᠯ ᠤᠨ ᠬᠠᠷᠠᠭᠠᠯᠵᠠᠯ ᠵᠡᠷᠭᠡ ᠡᠯ᠎ᠡ

ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠶᠢᠨ ᠬᠠᠮᠲᠤ

ᠵᠣᠭᠤᠰ ᠮᠥᠩᠭᠦ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠥᠷᠥ ᠶᠢᠨ

ᠪᠣᠳᠣᠯᠭ᠎ᠠ ᠯᠤᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ︾ ᠶᠢ

ᠰᠠᠶᠢᠲᠤᠷ ᠬᠡᠷᠡᠭᠵᠢᠭᠦᠯᠬᠦ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠴᠢᠳᠠᠪᠬᠢ ᠶᠢ ᠪᠠᠳᠠᠷᠠᠭᠤᠯᠬᠤ ᠭᠤᠣᠯᠳᠠᠯᠭ᠎ᠠ ᠶᠢᠨ

ᠲᠠᠯ᠎ᠠ ᠪᠠᠷ᠂ ᠥᠨᠥ ᠵᠢᠯ ᠴᠢᠨᠠᠷ ᠰᠠᠶᠢᠲᠠᠢ ᠬᠥᠭᠵᠢᠭᠦᠯᠬᠦ ᠶᠠᠪᠤᠴᠠ ᠳᠠᠬᠢ ᠪᠠᠭᠤᠷᠠᠢ ᠭᠤᠭᠴᠤᠭ᠎ᠠ ᠪᠠ ᠠᠵᠤ

ᠠᠬᠤᠢ ᠶᠢᠨ ᠣᠷᠴᠢᠯ ᠳᠤᠮᠳᠠᠬᠢ ᠲᠦᠭᠵᠢᠷᠡᠯ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠳᠡᠮᠵᠢᠬᠦ

ᠡᠷᠴᠢᠮ ᠢᠶᠠᠨ ᠴᠢᠩᠭᠠᠷᠠᠭᠤᠯᠤᠨ᠎ᠠ᠃

   ᠥᠨᠥ ᠵᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠤᠨ ᠲᠡᠷᠢᠭᠦᠨ ᠴᠢᠬᠤᠯᠠ

ᠡᠭᠦᠷᠭᠡ ᠪᠣᠯ ᠬᠡᠷᠡᠭᠯᠡᠭᠡ ᠶᠢ ᠶᠡᠭᠡ ᠪᠠᠷ ᠬᠥᠭᠵᠢᠭᠡᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠨᠡᠮᠡᠭᠳᠡᠭᠦᠯᠵᠦ᠂

ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠨ᠎ᠡ

ᠮᠠᠨ ᠤ ᠤᠯᠤᠰ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠳᠠᠯᠳᠠ ᠬᠦᠴᠦᠨ ᠪᠦᠬᠦᠢ ᠬᠡᠳᠦ ᠶᠡᠭᠡ ᠬᠡᠪᠴᠢᠶᠡᠨ ᠤ

ᠵᠠᠬ᠎ᠠ ᠳᠡᠯᠭᠡᠭᠦᠷ ᠲᠠᠢ ᠪᠠᠶᠢᠵᠤ᠂ ᠬᠡᠷᠡᠭᠯᠡᠭᠡ ᠶᠢᠨ ᠨᠡᠮᠡᠭᠳᠡᠯ ᠤᠨ ᠣᠷᠣᠨ ᠵᠠᠢ ᠮᠠᠰᠢ ᠥᠷᠭᠡᠨ ᠠᠭᠤᠳᠠᠮ ᠶᠤᠮ᠃

ᠲᠥᠪ ᠤᠨ ᠡᠳ᠋ ᠤᠨ ᠵᠠᠰᠠᠭ ᠠᠴᠠ ᠦᠨᠡᠨ ᠬᠦ ᠶᠡᠭᠡ ᠬᠡᠮᠵᠢᠶᠡᠨ ᠤ ᠪᠡᠯᠡ ᠮᠥᠩᠭᠦ ᠵᠠᠷᠤᠴᠠᠭᠤᠯᠵᠤ ᠪᠠᠶᠢᠭᠠᠳ᠂

ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠨ ᠬᠡᠷᠡᠭᠯᠡᠭᠡ ᠶᠢ ᠬᠥᠭᠵᠢᠭᠡᠬᠦ ᠪᠣᠯᠣᠨ᠎ᠠ᠃ ᠲᠥᠰᠥᠪ ᠤᠨ

ᠲᠣᠬᠢᠷᠠᠭᠤᠯᠤᠯᠲᠠ ᠶᠢ ᠦᠨᠳᠦᠰᠦᠯᠡᠪᠡᠯ᠂ ᠥᠨᠥ ᠵᠢᠯ ᠮᠠᠨ ᠤ ᠤᠯᠤᠰ ᠤᠨ ᠲᠠᠷᠬᠠᠭᠠᠬᠤ ᠤᠯᠤᠰ ᠤᠨ ᠬᠡᠳᠦ ᠤᠷᠳᠤ

ᠬᠤᠭᠤᠴᠠᠭᠠᠲᠤ ᠣᠨᠴᠠᠭᠠᠶ ᠵᠢᠭᠡᠯᠡᠯᠭᠡ 13000 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ

3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠂ ᠡᠭᠦᠨ ᠳᠤ᠂ ︽ᠬᠤᠶᠠᠷ ᠴᠢᠬᠤᠯᠠ ︾ ᠲᠥᠷᠥᠯ

ᠵᠦᠢᠯ ᠢ ᠨᠡᠩ ᠬᠦᠴᠦᠲᠡᠢ ᠳᠡᠮᠵᠢᠬᠦ ᠳᠤ 8000 ᠳ᠋ᠦᠩᠰᠢᠭᠤᠷ ᠲᠥᠭᠦᠷᠢᠭ ᠢ ᠨᠢ ᠬᠡᠷᠡᠭᠯᠡᠵᠦ᠂ ︽ᠬᠤᠶᠠᠷ ᠰᠢᠨ᠎ᠡ

︾ ᠶᠢᠨ ᠲᠦᠷᠦ ᠶᠢᠨ ᠪᠣᠳᠣᠯᠭ᠎ᠠ ᠶᠢ ᠬᠦᠴᠦᠯᠡᠨ ᠦᠷᠭᠡᠳᠬᠡᠵᠦ ᠬᠡᠷᠡᠭᠵᠢᠭᠦᠯᠬᠦ ᠳᠤ 5000 ᠳ᠋ᠦᠩᠰᠢᠭᠤᠷ

ᠲᠥᠭᠦᠷᠢᠭ ᠢ ᠨᠢ ᠬᠡᠷᠡᠭᠯᠡᠬᠦ ᠪᠣᠯᠣᠨ᠎ᠠ᠃

   ᠥᠨᠥ ᠵᠢᠯ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠶ ᠵᠢᠭᠡᠯᠡᠯᠭᠡ ᠶᠢ ᠨᠡᠶᠢᠳᠡ 3000

ᠳ᠋ᠦᠩᠰᠢᠭᠤᠷ ᠲᠥᠭᠦᠷᠢᠭ ᠳᠣᠬᠢᠷᠠᠭᠤᠯᠤᠨ ᠬᠠᠭᠤᠴᠢᠨ ᠬᠡᠷᠡᠭᠯᠡᠭᠡ ᠶᠢᠨ ᠵᠦᠢᠯᠡᠰ ᠢᠶᠠᠨ ᠰᠢᠨ᠎ᠡ ᠪᠠᠷ ᠰᠣᠯᠢᠬᠤ ᠶᠢ

ᠲᠡᠮᠵᠢᠵᠤ᠂ ᠨᠢᠳᠤᠨᠤᠨ ᠤ ᠬᠢ ᠠᠴᠠ 1500 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠃ ᠪᠡᠯᠡ

ᠮᠥᠩᠭᠦᠨ ᠤ ᠬᠡᠪᠴᠢᠶ᠎ᠡ ᠨᠢ ᠨᠢᠳᠤᠨᠤᠨ ᠤ ᠬᠢ ᠠᠴᠠ ᠬᠤᠶᠠᠷ ᠳᠠᠬᠢᠨ ᠪᠠᠶᠢᠵᠤ᠂ ᠬᠡᠷᠡᠭᠯᠡᠭᠴᠢᠳ ᠤᠨ ᠪᠠᠷᠠᠭ᠎ᠠ

ᠬᠤᠳᠠᠯᠳᠤᠨ ᠠᠪᠬᠤ ᠥᠪᠡᠷ ᠤᠨ ᠥᠷᠲᠡᠭ ᠢ ᠰᠢᠭᠤᠳ ᠪᠠᠭᠤᠷᠠᠭᠤᠯᠬᠤ ᠳᠤ ᠠᠰᠢᠭᠲᠠᠢ ᠮᠥᠷᠲᠡᠭᠡᠨ ᠠᠷᠠᠳ ᠤᠨ

ᠠᠮᠢᠳᠤᠷᠠᠯ ᠳᠤ ᠠᠰᠢᠭ ᠬᠦᠷᠲᠡᠭᠡᠬᠦ ᠪᠠᠨ ᠬᠡᠷᠡᠭᠯᠡᠭᠡ ᠶᠢ ᠠᠬᠢᠭᠤᠯᠬᠤ ᠯᠤᠭ᠎ᠠ ᠤᠶᠠᠯᠳᠤᠭᠤᠯᠬᠤ ᠶᠢ ᠴᠢᠬᠤᠯᠠᠴᠢᠯᠠᠬᠤ

ᠪᠣᠯᠣᠨ᠎ᠠ᠃ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠡᠮᠴᠢᠯᠡᠭᠡᠨ ᠤ

ᠨᠡᠮᠡᠭᠦᠷᠢ ᠣᠯᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠪᠠ

ᠬᠦᠰᠡᠯᠲᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃

  ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄

  ᠳᠥᠷᠪᠡᠨ ᠲᠠᠯ᠎ᠠ ᠪᠠᠷ ᠠᠷᠭ᠎ᠠ ᠬᠡᠮᠵᠢᠶ᠎ᠡ ᠠᠪᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠪᠠᠨ ᠠᠬᠢᠭᠤᠯᠤᠨ᠎ᠠ

ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠨᠠᠷ

ᠰᠠᠶᠢᠲᠠᠢ ᠬᠠᠩᠭᠠᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠬᠦ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ᠂ ᠬᠠᠮᠵᠢᠯᠴᠠᠨ ᠰᠢᠨ᠎ᠡ ᠶᠢ ᠡᠭᠦᠳᠬᠦ ᠠᠮᠢ

ᠠᠬᠤᠢ ᠶᠢ ᠪᠤᠢ ᠪᠣᠯᠭᠠᠬᠤ ᠵᠡᠷᠭᠡ ᠲᠦᠷᠪᠡᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠪᠠᠨ ᠠᠬᠢᠭᠤᠯᠤᠨ᠎ᠠ

   ᠦᠢᠯᠡᠳᠬᠦ ᠦᠢᠯᠡᠰ ᠤᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ

ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡ

ᠪᠦᠯᠦᠭ ᠴᠢᠬᠤᠯᠠ ᠶᠡᠭᠡ ᠲᠦᠷᠦᠯ ᠵᠦᠢᠯ ᠢ ᠰᠢᠨ᠎ᠡ ᠪᠠᠷ ᠪᠠᠶᠢᠷᠢᠰᠢᠭᠤᠯᠵᠤ᠂ ᠭᠠᠳᠠᠭᠠᠳᠤ ᠪᠡᠯᠡ ᠶᠢᠨ ᠠᠵᠤ

ᠠᠬᠤᠶᠢᠯᠠᠯ ᠤᠳ ᠤᠨ ᠳᠤᠮᠳᠠᠳᠤ ᠤᠯᠤᠰ ᠲᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠳᠡᠮᠵᠢᠨ᠎ᠡ᠃

   ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠳ ᠢ ᠱᠠᠲᠤᠯᠠᠨ ᠪᠤᠶᠢᠵᠢᠭᠤᠯᠵᠤ᠂ ᠲᠤᠰᠬᠠᠢ ᠨᠠᠷᠢᠯᠢᠭ

ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠩᠬᠠᠨ ᠤ

ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠤ ᠠᠬᠤᠶᠢᠯᠠᠯ ᠤᠨ

ᠬᠥᠭᠵᠢᠯᠲᠡ ᠶᠢ ᠠᠬᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠤᠨ ᠳᠤᠮᠳᠠᠳᠤ ᠤᠯᠤᠰ ᠲᠤ

ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠨᠢ ᠳᠡᠮᠵᠢᠨ᠎ᠡ᠃

   ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠤᠯᠤᠰ ᠤᠨ ᠮᠡᠷᠭᠡᠵᠢᠯ ᠤᠨ ᠰᠣᠯᠢᠯᠴᠠᠭᠠᠨ ᠤ

ᠦᠢᠯᠡᠴᠢᠯᠡᠭᠡᠨ ᠤ ᠲᠠᠪᠴᠠᠩ ᠪᠠ ᠤᠯᠤᠰ ᠤᠨ ᠦᠢᠯᠡᠳᠬᠦ ᠦᠢᠯᠡᠰ ᠤᠨ ᠵᠠᠪᠰᠠᠷ ᠤᠨ ᠲᠤᠷᠰᠢᠯᠲᠠ ᠶᠢᠨ ᠲᠠᠪᠴᠠᠩ ᠢ

ᠪᠠᠶᠢᠭᠤᠯᠤᠨ᠎ᠠ᠃

  ᠵᠢᠷᠤᠮᠯᠠᠯ᠂ ᠳᠦᠷᠢᠮ ᠳᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢᠲᠦ ᠨᠡᠭᠡᠭᠡᠯᠲᠡ ᠶᠢ

ᠯᠠᠪᠳᠠᠭᠤᠨ ᠢᠶᠠᠷ ᠥᠷᠭᠡᠳᠬᠡᠵᠦ᠂ ᠪᠦᠬᠦ ᠪᠥᠮᠪᠥᠷᠴᠡᠭ ᠤᠨ ᠬᠡᠪᠴᠢᠶᠡᠨ ᠳᠠᠬᠢ ᠰᠢᠨ᠎ᠡ ᠶᠢ ᠡᠭᠦᠳᠬᠦ ᠬᠦᠴᠦᠨ ᠵᠦᠢᠯ

ᠡᠬᠢ ᠪᠠᠶᠠᠯᠢᠭ ᠤᠨ ᠭᠦᠢᠯᠭᠡᠭᠡ ᠶᠢ ᠲᠦᠷᠭᠡᠳᠬᠡᠬᠦ ᠪᠠᠨ ᠠᠬᠢᠭᠤᠯᠤᠨ᠂ ᠨᠡᠭᠡᠭᠡᠯᠲᠡ ᠲᠠᠢ ᠤᠯᠠᠨ ᠡᠰᠢᠲᠦ ᠰᠢᠨ᠎ᠡ

ᠡᠭᠦᠳᠦᠯᠲᠡ ᠲᠠᠢ ︽ᠵᠢᠵᠢᠭ ᠠᠮᠢ ᠠᠬᠤᠢ ︾ ᠶᠢ ᠲᠦᠷᠭᠡᠪᠴᠢᠯᠡᠨ ᠪᠠᠶᠢᠭᠤᠯᠵᠤ᠂ ᠪᠦᠬᠦ ᠪᠥᠮᠪᠥᠷᠴᠡᠭ ᠯᠦᠭᠡ ᠶᠢᠨ

ᠠᠭᠤᠰᠤᠯᠴᠠᠨ ᠬᠥᠭᠵᠢᠬᠦ ︽ᠲᠣᠮᠣ ᠠᠮᠢ ᠠᠬᠤᠢ ︾ ᠶᠢ ᠬᠠᠮᠲᠤ ᠪᠠᠷ ᠴᠡᠴᠡᠭᠯᠡᠭᠦᠯᠦᠨ ᠬᠥᠭᠵᠢᠭᠦᠯᠦᠨ᠎ᠡ᠃

ᠠᠷᠠᠳ ᠤᠨ ᠶᠠᠪᠤᠳᠠᠯ ᠤᠨ ᠶᠠᠮᠤᠨ᠄

    ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠠᠮᠢᠶ᠎ᠠ ᠪᠦᠬᠦᠢ ᠠᠵᠤ ᠦᠢᠯᠡᠰ ᠪᠠ ᠡᠵᠡᠩᠨᠡᠯᠲᠡ ᠶᠢᠨ

ᠬᠡᠯᠪᠡᠷᠢ ᠪᠠᠶᠢᠳᠠᠯ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠣᠯᠠᠨ ᠨᠡᠶᠢᠲᠡ ᠶᠢᠨ ᠣᠷᠣᠨ ᠵᠠᠢ ᠶᠢ

ᠨᠠᠰᠤᠵᠢᠯᠲᠠ ᠳᠤ ᠵᠣᠬᠢᠴᠠᠭᠤᠯᠤᠨ ᠰᠢᠨᠡᠳᠬᠡᠬᠦ ᠶᠢ ᠲᠦᠯᠬᠢᠨ ᠠᠬᠢᠭᠤᠯᠤᠨ᠎ᠠ

    ᠠᠷᠠᠳ ᠤᠨ ᠶᠠᠪᠤᠳᠠᠯ ᠤᠨ ᠶᠠᠮᠤᠨ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠠ ᠨᠠᠰᠤᠵᠢᠯ ᠤᠨ

ᠠᠰᠠᠷᠠᠮᠵᠢ ᠶᠢᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ

᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠰᠣᠶᠣᠯ᠂ ᠵᠢᠭᠤᠯᠴᠢᠯᠠᠯ᠂ ᠡᠷᠡᠭᠦᠯ ᠮᠡᠨᠳᠦ᠂ ᠪᠡᠶ᠎ᠡ ᠶᠢᠨ ᠲᠠᠮᠢᠷ᠂

ᠭᠡᠷ ᠠᠬᠤᠢ ᠵᠡᠷᠭᠡ ᠬᠠᠮᠢᠶ᠎ᠠ ᠪᠦᠬᠦᠢ ᠠᠵᠤ ᠦᠢᠯᠡᠰ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ

ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ

ᠬᠡᠷᠡᠭᠯᠡᠭᠡ ᠶᠢᠨ ᠬᠦᠷᠢᠶ᠎ᠡ ᠬᠢᠭᠡᠳ ᠬᠡᠷᠡᠭᠯᠡᠭᠡ ᠶᠢᠨ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠨᠠᠰᠤᠵᠢᠯ ᠤᠨ

ᠠᠰᠠᠷᠠᠮᠵᠢ ᠶᠢᠨ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ ︔ ᠭᠡᠷ ᠪᠦᠯᠢ ᠶᠢᠨ ᠨᠠᠰᠤᠵᠢᠯᠲᠠ ᠳᠤ

ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠵᠤ᠂ ᠬᠡᠷᠡᠭᠯᠡᠭᠡ ᠶᠢᠨ ᠵᠦᠢᠯ ᠤᠨ

ᠬᠠᠭᠤᠴᠢᠨ ᠢᠶᠠᠷ ᠰᠢᠨ᠎ᠡ ᠶᠢ ᠰᠣᠯᠢᠵᠤ ᠭᠡᠷ ᠪᠦᠯᠢ ᠶᠢᠨ ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ

ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠤᠨ ᠢᠳᠡᠵᠦ ᠤᠤᠭᠤᠬᠤ ᠳᠤ ᠲᠤᠰᠠᠯᠠᠬᠤ ᠦᠢᠯᠡᠴᠢᠯᠡᠭᠡ᠂

ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠬᠤᠳᠠᠯᠳᠤᠨ ᠠᠪᠬᠤ ᠪᠠ ᠲᠦᠷᠢᠶᠡᠰᠦᠯᠡᠬᠦ ᠶᠢ ᠳᠡᠮᠵᠢᠬᠦ ᠡᠷᠴᠢᠮ ᠢᠶᠠᠨ

ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠦᠢᠯᠡᠴᠢᠯᠡᠭᠡ ᠶᠢ ᠥᠷᠭᠡᠳᠬᠡᠨ᠎ᠡ᠃

ᠪᠤᠭᠤᠷᠤᠯᠴᠤᠳ ᠤᠨ ᠬᠡᠷᠡᠭᠯᠡᠭᠡ ᠶᠢᠨ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠬᠤ ᠲᠠᠯ᠎ᠠ ᠪᠠᠷ᠂ ᠠᠷᠠᠳ ᠤᠨ

ᠶᠠᠪᠤᠳᠠᠯ ᠤᠨ ᠶᠠᠮᠤᠨ ᠤᠯᠠᠨ ᠨᠡᠶᠢᠲᠡ ᠶᠢᠨ ᠣᠷᠣᠨ ᠵᠠᠢ ᠶᠢ ᠨᠠᠰᠤᠵᠢᠯᠲᠠ ᠳᠤ ᠵᠣᠬᠢᠴᠠᠭᠤᠯᠵᠤ ᠰᠢᠨᠡᠳᠬᠡᠬᠦ ᠶᠢ

ᠠᠬᠢᠭᠤᠯᠵᠤ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ

ᠰᠢᠨᠡᠳᠬᠡᠬᠦ ᠶᠢ ᠬᠥᠲᠥᠯᠥᠨ ᠵᠢᠯᠣᠭᠤᠳᠤᠨ᠎ᠠ ︔ ᠨᠠᠰᠤᠲᠠᠶᠢᠴᠤᠳ ᠤᠨ ᠬᠦᠷᠢᠶᠡᠨ ᠳᠠᠬᠢ ᠦᠢᠯᠡᠳᠬᠦᠨ ᠪᠠ

ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠬᠡᠷᠡᠭᠯᠡᠬᠦ

ᠦᠢᠯᠡᠳᠬᠦᠨ ᠬᠡᠷᠡᠭᠰᠡᠯ ᠢ ᠨᠢ ᠪᠠᠷᠢᠮᠵᠢᠶᠠᠵᠢᠭᠤᠯᠤᠨ ᠵᠢᠷᠤᠮᠵᠢᠭᠤᠯᠵᠤ ᠨᠠᠷᠢᠨ ᠬᠤᠪᠢᠶᠠᠵᠤ ᠪᠦᠷᠢᠨᠰᠢᠭᠦᠯᠦᠨ᠎ᠡ ︔

ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠨᠠᠰᠤᠲᠠᠶᠢᠴᠤᠳ ᠤᠨ ᠬᠡᠷᠡᠭᠯᠡᠬᠦ ᠬᠡᠷᠡᠭᠰᠡᠯ ᠤᠨ ᠶᠠᠰᠤ ᠴᠢᠨᠠᠷ ᠲᠠᠬᠢ

ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ

ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃

ᠠᠮᠢ ᠠᠬᠤᠢ ᠣᠷᠴᠢᠨ ᠲᠣᠭᠤᠷᠢᠨ ᠤ ᠶᠠᠮᠤᠨ᠄

   ᠲᠠᠪᠤᠨ ᠲᠠᠯ᠎ᠠ ᠪᠠᠷ ᠬᠦᠴᠦᠯᠡᠵᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ

ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ

   ᠳᠤᠮᠳᠠᠳᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ

ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠠᠪᠤᠨ ᠲᠠᠯ᠎ᠠ ᠪᠠᠷ ᠬᠦᠴᠦᠯᠡᠵᠦ ᠪᠠᠶᠢᠭᠠᠳ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ

ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ

ᠬᠦᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠨᠢᠭᠡ ᠳᠤ ᠦᠵᠡᠰᠬᠦᠯᠡᠩᠲᠦ ᠰᠠᠶᠢᠬᠠᠨ ᠳᠤᠮᠳᠠᠳᠤ

ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠤᠶᠠᠷ ᠲᠤ ᠠᠭᠤᠷ

ᠠᠮᠢᠰᠬᠤᠯ ᠤᠨ ᠬᠤᠪᠢᠷᠠᠯᠲᠠ ᠶᠢᠨ ᠰᠢᠯᠭᠠᠯᠲᠠ ᠶᠢ ᠢᠳᠡᠪᠬᠢᠲᠡᠢ ᠠᠷᠭᠠᠴᠠᠨ᠎ᠠ᠃ ᠭᠤᠷᠪᠠ ᠳᠤ ᠪᠣᠬᠢᠷᠲᠤᠯ ᠦᠭᠡᠢ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ

ᠡᠭᠦᠳᠦᠯᠲᠡ ᠶᠢ ᠲᠦᠷᠭᠡᠳᠬᠡᠨ᠎ᠡ᠃ ᠳᠥᠷᠪᠡ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ

ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠠᠪᠤ ᠳᠤ ᠣᠷᠴᠢᠨ ᠲᠣᠭᠤᠷᠢᠨ ᠠᠭᠤᠷ ᠠᠮᠢᠰᠬᠤᠯ ᠤᠨ

ᠲᠠᠯ᠎ᠠ ᠪᠠᠷ ᠤᠯᠠᠨ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃

ᠤᠯᠤᠰ ᠤᠨ ᠳ᠋ᠠᠶᠢᠲ᠋ᠠ ᠶᠢᠨ ᠲᠣᠪᠴᠢᠶ᠎ᠠ᠄

   ᠴᠢᠨᠠᠷ ᠰᠠᠶᠢᠲᠠᠢ ᠳ᠋ᠠᠶᠢᠲ᠋ᠠ ᠪᠠᠷ ᠵᠣᠬᠢᠶᠠᠮᠠᠯ ᠣᠶᠤᠨ ᠤ ᠬᠥᠭᠵᠢᠯᠲᠡ ᠶᠢ ᠠᠬᠢᠭᠤᠯᠤᠨ᠎ᠠ

   ᠤᠯᠤᠰ ᠤᠨ ᠳ᠋ᠠᠶᠢᠲ᠋ᠠ ᠶᠢᠨ ᠲᠣᠪᠴᠢᠶ᠎ᠠ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠶᠢ

ᠢᠳᠡᠪᠬᠢᠲᠡᠢ ᠠᠬᠢᠭᠤᠯᠵᠤ᠂ ᠳ᠋ᠠᠶᠢᠲ᠋ᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ︽ᠵᠣᠬᠢᠶᠠᠮᠠᠯ ᠤᠶᠤᠨ

+︾ ᠠᠵᠢᠯᠯᠠᠭᠠᠨ ᠢᠶᠠᠷ ᠤᠯᠠᠨ ᠵᠦᠢᠯ ᠤᠨ ᠠᠵᠢᠯ ᠦᠢᠯᠡᠰ ᠲᠤ ᠬᠦᠴᠦᠨ ᠣᠯᠭᠤᠬᠤ ᠶᠢ ᠠᠬᠢᠭᠤᠯᠤᠨ᠂

ᠪᠠᠭᠲᠠᠭᠠᠮᠵᠢᠲᠠᠢ ᠪᠦᠭᠡᠳ ᠨᠡᠭᠡᠭᠡᠯᠲᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠨ᠎ᠠ᠃

ᠴᠢᠨᠠᠷ ᠰᠠᠶᠢᠲᠠᠢ ᠳ᠋ᠠᠶᠢᠲ᠋ᠠ ᠪᠠ ᠵᠣᠬᠢᠶᠠᠮᠠᠯ ᠤᠶᠤᠨ ᠤ ᠤᠶᠠᠯᠳᠤᠯ ᠨᠢ ᠳ᠋ᠠᠶᠢᠲ᠋ᠠ ᠪᠠ ᠵᠣᠬᠢᠶᠠᠮᠠᠯ ᠤᠶᠤᠨ ᠤ

ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃ ︽ᠵᠣᠬᠢᠶᠠᠮᠠᠯ ᠤᠶᠤᠨ

+︾ ᠠᠵᠢᠯᠯᠠᠭᠠᠨ ᠬᠠᠮᠢᠭ᠎ᠠ ᠬᠦᠷᠪᠡᠯ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠪᠠ

ᠳᠡᠯᠭᠡᠷᠡᠭᠦᠯᠦᠯᠲᠡ ᠲᠡᠨᠳᠡ ᠬᠦᠷᠬᠦ ᠪᠣᠯᠣᠨ᠎ᠠ᠃ ᠤᠯᠤᠰ ᠤᠨ ᠳ᠋ᠠᠶᠢᠲ᠋ᠠ ᠶᠢᠨ ᠲᠣᠪᠴᠢᠶ᠎ᠠ ᠨᠢ ᠤᠯᠠᠨ ᠨᠡᠶᠢᠲᠡ ᠶᠢᠨ

ᠳ᠋ᠠᠶᠢᠲ᠋ᠠ ᠶᠢᠨ ᠡᠬᠢ ᠪᠠᠶᠠᠯᠢᠭ ᠢ ᠳᠠᠩᠰᠠᠯᠠᠵᠤ ᠲᠡᠮᠳᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠯᠠᠨ ᠨᠡᠶᠢᠲᠡ ᠶᠢᠨ

ᠳ᠋ᠠᠶᠢᠲ᠋ᠠ ᠶᠢᠨ ᠡᠬᠢ ᠪᠠᠶᠠᠯᠢᠭ ᠤᠨ ᠡᠷᠬᠡ ᠣᠯᠭᠤᠨ ᠠᠵᠢᠯᠯᠠᠭᠤᠯᠬᠤ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠡᠷᠬᠡ

ᠣᠯᠭᠤᠨ ᠠᠵᠢᠯᠯᠠᠭᠤᠯᠬᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ

ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠨᠢ ᠢᠳᠡᠪᠬᠢᠲᠡᠢ ᠬᠥᠲᠥᠯᠥᠨ

ᠵᠢᠯᠣᠭᠤᠳᠤᠨ᠎ᠠ᠃

 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号