3 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ︽ | ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠤᠨ ᠭᠦᠳᠡᠯᠮᠦᠷᠢ ᠶᠢᠨ ᠡᠷᠬᠡ ᠠᠰᠢᠭ ᠤᠨ | ᠪᠠᠲᠤᠯᠠᠭ᠎ᠠ ᠶᠢ ᠲᠡᠭᠦᠯᠳᠡᠷᠵᠢᠭᠦᠯᠬᠦ ︾ ᠲᠤᠰᠬᠠᠢ ᠰᠡᠳᠦᠪᠲᠦ ᠵᠥᠪᠯᠡᠬᠦ ᠬᠤᠷᠠᠯ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ | ᠬᠦᠴᠦᠨ ᠨᠡᠮᠡᠷᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ | ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ ᠴᠢ᠊ ᠪᠠᠲᠤ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ ᠬᠤᠷᠠᠯ ᠢ ᠡᠷᠭᠢᠯᠡᠪᠡ᠃ | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ | ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠭᠰᠠᠨ ᠪᠠᠶᠢᠳᠠᠯ ᠢ ᠲᠠᠨᠢᠯᠴᠠᠭᠤᠯᠵᠤ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ᠂ ᠬᠤᠯᠪᠣᠭᠳᠠᠯ ᠪᠦᠬᠦᠢ ᠲᠠᠪᠴᠠᠩ ᠤᠨ ᠠᠵᠤ ᠠᠬᠤᠶᠢᠯᠠᠯ ᠪᠠ ᠠᠵᠢᠯ ᠲᠥᠷᠥᠯ ᠤᠨ ᠬᠥᠳᠡᠯᠮᠦᠷᠢᠴᠢᠳ ᠤᠨ | ᠲᠥᠯᠥᠭᠡᠯᠡᠭᠴᠢ ᠭᠦᠢᠴᠡᠳ ᠵᠥᠪᠯᠡᠯᠭᠡ ᠬᠢᠪᠡ᠃ | ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢᠨ᠎ᠡ ᠠᠵᠢᠯ ᠣᠯᠭᠤᠯᠲᠠ ᠶᠢᠨ | ᠭᠡᠯᠪᠡᠷᠢ ᠶᠢᠨ ᠬᠥᠳᠡᠯᠮᠦᠷᠢᠴᠢᠳ ᠤᠨ ᠭᠦᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢᠨ ᠠᠴᠢ ᠬᠤᠯᠪᠣᠭᠳᠠᠯ ᠪᠠ | ᠣᠨᠴᠠᠯᠢᠭ ᠢ ᠡᠵᠡᠮᠳᠡᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ | ᠭᠦᠨᠵᠡᠭᠡᠢ ᠤᠬᠠᠭᠤᠯᠤᠨ᠂ ᠬᠥᠭᠵᠢᠯᠲᠡ ᠶᠢᠨ ᠬᠠᠷᠠᠴᠠ ᠪᠠ ᠠᠯᠤᠰ ᠭᠡᠳᠦ ᠶᠢᠨ ᠰᠡᠳᠬᠢᠬᠦᠢ ᠪᠠᠷ ᠬᠦᠴᠦᠯᠡᠬᠦ | ᠭᠤᠣᠯᠳᠠᠯᠭ᠎ᠠ ᠪᠠᠨ ᠤᠬᠠᠭᠠᠯᠠᠨ ᠲᠥᠯᠥᠪᠯᠡᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ | ᠬᠠᠩᠭᠠᠬᠤ᠂ ᠠᠵᠢᠯ ᠣᠯᠭᠤᠯᠲᠠ ᠶᠢᠨ ᠨᠡᠮᠡᠭᠳᠡᠯ ᠢ ᠠᠬᠢᠭᠤᠯᠬᠤ ᠪᠠ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢ ᠲᠡᠭᠦᠯᠳᠡᠷᠵᠢᠭᠦᠯᠬᠦ ᠶᠢᠨ ᠲᠣᠭᠤᠷᠢᠨ ᠳᠤ ᠵᠥᠪᠯᠡᠯᠭᠡ ᠬᠢᠵᠦ ᠰᠠᠨᠠᠯ ᠰᠠᠨᠠᠭᠤᠯᠭ᠎ᠠ ᠳᠤᠷᠠᠳᠴᠤ᠂ | ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠳᠤᠷᠠᠳᠪᠠ᠃ |