ᠲᠠᠷᠢᠶᠠᠯᠠᠬᠤ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠪᠡᠯᠡᠳᠭᠡᠵᠦ ᠲᠠᠷᠢᠶᠠᠨ ᠠᠵᠢᠯ ᠢ ᠰᠠᠭᠠᠲᠠᠭᠠᠬᠤ ᠥᠬᠡᠶ
ᠨᠡᠶᠢᠲᠡᠯᠡᠭᠰᠡᠨ ᠴᠠᠭ᠄
2025/3/28
   ᠣᠳᠣᠬᠠᠨ ᠳᠤ ᠵᠢᠯ ᠳᠤ ᠨᠢᠭᠡ ᠤᠳᠠᠭ᠎ᠠ ᠶᠠᠪᠤᠭᠳᠠᠬᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠨᠢᠭᠡᠨᠲᠡ ᠡᠬᠢᠯᠡᠪᠡ᠃ ᠦᠷ᠎ᠡ ᠪᠡᠯᠡᠳᠬᠡᠬᠦ᠂ ᠬᠢᠮᠢ ᠶᠢᠨ ᠪᠤᠷᠳᠤᠭᠤᠷ ᠬᠤᠳᠠᠯᠳᠤᠨ ᠠᠪᠬᠤ᠂ ᠲᠠᠷᠢᠶᠠᠯᠠᠩ ᠤᠨ ᠮᠠᠰᠢᠨ ᠵᠠᠰᠠᠬᠤ…… ᠲᠦᠴᠢᠦᠸᠠᠨ ᠰᠢᠶᠠᠨ ᠤ ᠲᠠᠢ ᠫᠢᠩ ᠰᠢᠶᠠᠩ ᠬᠠᠪᠤᠷ ᠤᠨ ᠲᠠᠷᠢᠶᠠᠯᠠᠭ᠎ᠠ ᠶᠢᠨ ᠡᠬᠢᠯᠡᠯᠲᠡ ᠶᠢᠨ ᠳᠠᠷᠤᠪᠴᠢ ᠶᠢ ᠡᠷᠲᠡ ᠳᠠᠷᠤᠵᠤ᠂ ᠰᠢᠨ᠎ᠡ ᠨᠢᠭᠡ ᠵᠢᠯ ᠤᠨ ᠰᠠᠶᠢᠨ ᠰᠠᠶᠢᠬᠠᠨ ᠪᠦᠳᠦᠮᠵᠢ ᠪᠠᠨ ᠤᠭᠲᠤᠬᠤ ᠪᠠᠷ ᠪᠡᠯᠡᠳᠬᠡᠪᠡ᠃    ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠳᠤ᠂ ᠲᠠᠷᠢᠶᠠᠯᠠᠩ ᠤᠨ ᠬᠡᠷᠡᠭᠰᠡᠯ ᠢ ᠤᠷᠢᠳᠠᠪᠠᠷ ᠪᠡᠯᠡᠳᠭᠡᠨ᠎ᠡ᠃ ᠲᠦᠴᠢᠦᠸᠠᠨ ᠰᠢᠶᠠᠨ ᠤ ᠲᠠᠢ ᠫᠢᠩ ᠬᠠᠩᠭᠠᠨ ᠪᠣᠷᠣᠯᠠᠭᠤᠯᠬᠤ ᠬᠤᠷᠰᠢᠶ᠎ᠠ ᠳᠤ ᠣᠷᠣᠬᠤ ᠳᠤ᠂ ᠦᠷ᠎ᠡ᠂ ᠬᠢᠮᠢ ᠶᠢᠨ ᠪᠣᠷᠲᠣᠭᠤᠷ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠬᠡᠷᠡᠭᠰᠡᠯ ᠢ ᠡᠮᠬᠢ ᠵᠢᠷᠤᠮ ᠲᠠᠢ ᠪᠠᠷ ᠨᠢᠭᠡ ᠳᠣᠤᠷ᠎ᠠ ᠣᠪᠣᠭᠠᠯᠠᠵᠤ᠂ ᠪᠠᠷᠠᠭᠠᠨ ᠤ ᠬᠡᠮᠵᠢᠶ᠎ᠡ ᠭᠦᠶᠴᠡᠳ ᠪᠠᠶᠢᠵᠤ᠂ ᠠᠵᠢᠯᠲᠠᠳ ᠶᠠᠭ ᠬᠢᠮᠢ ᠶᠢᠨ ᠪᠣᠷᠲᠣᠭᠤᠷ ᠤᠨ ᠬᠠᠳᠠᠭᠠᠯᠠᠭᠳᠠᠴᠠ ᠶᠢ ᠪᠦᠷᠢᠳᠬᠡᠵᠦ ᠪᠣᠶ᠃
   ︽2 ᠰᠠᠷ᠎ᠠ ᠠᠴᠠ 4 ᠰᠠᠷ᠎ᠠ ᠪᠣᠯ ᠬᠢᠮᠢ ᠶᠢᠨ ᠪᠤᠷᠳᠤᠭᠤᠷ ᠪᠣᠯᠤᠨ ᠦᠷ᠎ᠡ ᠶᠢᠨ ᠪᠣᠷᠣᠯᠠᠭᠤᠯᠭ᠎ᠠ ᠶᠢᠨ ᠢᠳᠡ ᠤᠯᠠᠷᠢᠯ ᠪᠣᠯᠤᠨ᠎ᠠ᠃ ᠡᠨᠡ ᠵᠢᠯ ᠲᠠᠢ ᠫᠢᠩ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠳᠠᠯᠳᠤᠨ ᠠᠪᠤᠭᠰᠠᠨ ᠦᠷ᠎ᠡ  ᠨᠢ ᠲᠦᠮᠡᠨ ᠤᠭᠤᠲᠠ᠂ ᠬᠢᠮᠢ ᠶᠢᠨ ᠪᠣᠷᠳᠣᠭᠤᠷ ᠨᠢ 1000 ᠲᠣᠨ ᠪᠣᠯᠤᠨ᠎ᠠ᠂ ᠬᠡᠷᠪᠡ ᠲᠠᠷᠢᠶᠠᠴᠢᠨ ᠡᠷᠦᠬᠡ ᠬᠡᠷᠡᠭᠴᠡᠭᠡ ᠲᠠᠢ ᠪᠣᠯ ᠪᠢᠳᠡ ᠭᠡᠷ ᠲᠤᠨᠢ ᠬᠦᠷᠭᠡᠵᠦ ᠥᠭᠭᠦᠨ᠎ᠡ᠃︾ ᠭᠡᠵᠦ ᠲᠦᠴᠢᠦᠸᠠᠨ ᠰᠢᠶᠠᠨ ᠤ ᠲᠠᠢ ᠫᠢᠩ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯᠲᠠᠨ ᠯᠢᠦ ᠰᠢᠨ ᠺᠦᠨ ᠲᠠᠨᠢᠯᠴᠠᠭᠤᠯᠪᠠ᠃
   ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠶᠢᠨ ᠲᠥᠯᠥᠭᠡ᠂ ᠲᠦᠴᠢᠦᠸᠠᠨ ᠰᠢᠶᠠᠨ ᠤ ᠲᠠᠢ ᠫᠢᠩ ᠰᠢᠶᠠᠩ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠷᠲᠡᠬᠡᠨ ᠠᠷᠭ᠎ᠠ ᠰᠦᠪᠡᠭᠴᠢᠯᠡᠵᠦ᠂ ᠡᠷᠲᠡᠬᠡᠨ ᠬᠥᠳᠡᠯᠦᠯᠴᠡᠨ᠂ ᠲᠠᠷᠢᠶᠠᠯᠠᠬᠤ ᠴᠠᠭ ᠢ ᠠᠮᠵᠢᠵᠤ᠂ ᠦᠷ᠎ᠡ᠂ ᠰᠦᠯᠢᠶᠣᠣ ᠪᠦᠷᠬᠦᠪᠴᠢ᠂ ᠪᠤᠷᠳᠤᠭᠤᠷ ᠵᠡᠷᠭᠡ ᠲᠠᠷᠢᠶᠠᠯᠠᠩ ᠤᠨ ᠬᠡᠷᠡᠭᠰᠡᠯ ᠤᠨ ᠨᠥᠭᠡᠴᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ︽ᠠᠮᠤ ᠬᠦᠨᠡᠰᠦ︾ ᠶᠢ ᠭᠦᠢᠴᠡᠳ ᠪᠡᠯᠡᠳᠬᠡᠪᠡ᠃    ︽ᠡᠨᠡ ᠵᠢᠯ ᠪᠥᠬᠦ ᠰᠢᠶᠠᠩ ᠳᠤ 40.5 ᠲᠦᠮᠡᠨ ᠮᠥ ᠳᠠᠷᠢᠬᠤ ᠪᠠᠷ ᠲᠥᠯᠥᠪᠯᠡᠵᠦ᠂ ᠦᠷ᠎ᠡ ᠬᠡᠷᠡᠭᠰᠡᠬᠦ ᠬᠡᠮᠵᠢᠶ᠎ᠡ 35 ᠲᠦᠮᠡᠨ ᠵᠢᠩ᠂ ᠬᠢᠮᠢ ᠶᠢᠨ ᠪᠣᠷᠲᠣᠭᠤᠷ 1.05 ᠲᠦᠮᠡᠨ ᠲᠣᠨ ᠪᠣᠯᠤᠨ᠎ᠠ᠃ ᠣᠳᠣᠬᠠᠨ ᠪᠣᠯᠲᠠᠯ᠎ᠠ᠂ ᠬᠠᠪᠤᠷ  ᠤᠨ ᠲᠠᠷᠢᠶᠠᠯᠠᠭ᠎ᠠ ᠶᠢᠨ ᠭᠤᠤᠯ ᠪᠣᠯᠬᠤ ᠡᠳ᠋ ᠪᠣᠳᠠᠰ ᠤᠨ ᠪᠣᠳᠠᠲᠠᠶᠢᠵᠢᠭᠤᠯᠤᠯᠲᠠ ᠶᠢᠨ ᠨᠣᠷᠮ᠎ᠠ 97 % ᠳᠤ ᠬᠦᠷᠴᠡᠶ᠃ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ  ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠯᠢ ᠬᠠᠶ ᠶᠠᠨ ᠲᠠᠨᠢᠯᠴᠠᠭᠤᠯᠪᠠ᠃
   ᠡᠨᠡ ᠵᠢᠯ᠂ ᠲᠠᠢ ᠫᠢᠩ ᠰᠢᠶᠠᠩ ᠪᠠᠰᠠ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠰᠢᠶᠠᠩ ᠤᠨ ᠨᠠᠮ ᠤᠨ ᠬᠤᠷᠢᠶ᠎ᠠ ᠲᠦᠷᠦᠭᠦᠯᠡᠨ᠂ ᠨᠠᠮ ᠤᠨ ᠭᠡᠰᠢᠭᠦᠨ᠂ ᠺᠠᠳ᠋ᠷ᠂ ᠰᠠᠶᠢᠨ ᠲᠤᠷᠠᠴᠤᠳ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠠᠪᠤᠷ ᠤᠨ ᠲᠠᠷᠢᠶᠠᠯᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ 21 ᠠᠩᠬᠢ ᠶᠢ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠪᠠᠶᠢᠴᠠᠭᠠᠯᠲᠠ᠂ ᠮᠠᠰᠢᠨ ᠴᠠᠬᠢᠯᠭᠠᠨ ᠬᠤᠳᠳᠤᠭ ᠢ ᠪᠠᠶᠢᠴᠠᠭᠠᠨ ᠵᠠᠰᠠᠬᠤ᠂ ᠲᠠᠷᠢᠶᠠᠯᠠᠩ ᠤᠨ ᠮᠠᠰᠢᠨ ᠢ ᠬᠠᠮᠠᠭᠠᠯᠠᠬᠤ᠂ ᠲᠠᠷᠢᠶᠠᠯᠠᠩ ᠤᠨ ᠮᠡᠷᠭᠡᠵᠢᠯ ᠢ ᠪᠣᠯᠪᠠᠰᠤᠷᠠᠭᠤᠯᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠠᠢ᠃
   ︽ᠮᠠᠨ ᠤ ᠠᠵᠢᠯ ᠤᠨ ᠭᠤᠤᠯᠳᠠᠯᠭ᠎ᠠ ᠪᠣᠯ ᠮᠠᠰᠢᠨ ᠴᠠᠬᠢᠯᠭᠠᠨ ᠬᠤᠳᠳᠤᠭ ᠤᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ᠂ ᠲᠠᠷᠢᠶᠠᠯᠠᠩ ᠤᠨ ᠮᠠᠰᠢᠨᠴᠢᠨ ᠢ ᠵᠣᠬᠢᠶᠠᠨ ᠪᠠᠶᠢᠭᠤᠯᠵᠤ ᠲᠷᠠᠺᠲ᠋ᠣᠷ ᠢ ᠪᠠᠶᠢᠴᠠᠭᠠᠨ ᠵᠠᠰᠠᠵᠤ᠂ ᠲᠠᠷᠢᠶᠠᠯᠠᠩ  ᠤᠨ ᠮᠠᠰᠢᠨ ᠪᠠᠭᠠᠵᠢ ᠶᠢ ᠨᠠᠩ ᠰᠠᠶᠢᠨ ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠳᠤ ᠣᠷᠣᠭᠤᠯᠬᠤ ᠶᠠᠪᠤᠳᠠᠯ ᠪᠣᠯᠤᠨ᠎ᠠ᠃ ᠪᠦᠬᠦ ᠰᠢᠶᠠᠩ ᠳᠤ ᠨᠡᠶᠢᠲᠡ 585 ᠰᠠᠭᠤᠷᠢ ᠲᠣᠮᠣ ᠬᠡᠯᠪᠡᠷᠢ ᠶᠢᠨ ᠲᠠᠷᠢᠶᠠᠯᠠᠩ  ᠤᠨ ᠮᠠᠰᠢᠨ ᠪᠠᠭᠠᠵᠢ ᠪᠠᠶᠢᠵᠤ᠂ ᠣᠳᠣ ᠨᠢᠭᠡᠨᠲᠡ 98 % ᠶᠢ ᠨᠢ ᠪᠠᠶᠢᠴᠠᠭᠠᠨ ᠵᠠᠰᠠᠵᠤ ᠳᠠᠭᠤᠰᠬᠠᠪᠠ᠃︾ ᠭᠡᠵᠦ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠯᠢ ᠬᠠᠶ ᠶᠠᠨ ᠲᠠᠨᠢᠯᠴᠠᠭᠤᠯᠪᠠ᠃
    ᠲᠠᠢ ᠫᠢᠩ ᠰᠢᠶᠠᠩ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠢᠳᠤᠨᠤᠨ ᠠᠴᠠ ᠨᠠᠰᠢ᠂ ᠲᠠᠢ ᠫᠢᠩ ᠰᠢᠶᠠᠩ 2.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠤᠨ 291 ᠮᠠᠰᠢᠨ ᠴᠠᠬᠢᠯᠭᠠᠨ ᠬᠤᠳᠳᠤᠭ ᠢ ᠥᠭᠡᠷᠡᠴᠢᠯᠡᠨ ᠪᠠᠶᠢᠭᠤᠯᠵᠤ᠂ ᠣᠳᠣᠬᠠᠨ ᠳᠤ ᠪᠦᠬᠦᠨ ᠢ ᠠᠰᠢᠭᠯᠠᠯᠲᠠ ᠳᠤ ᠣᠷᠣᠭᠤᠯᠪᠠ᠃ 2025 ᠣᠨ ᠳᠤ ᠵᠢᠱᠢᠯᠲᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ 4.084 ᠲᠦᠮᠡᠨ ᠮᠥ ᠨᠢᠭᠡᠨᠲᠡ ᠲᠥᠯᠥᠪᠵᠢᠭᠦᠯᠭᠡ ᠶᠢᠨ ᠱᠠᠲᠤᠨ ᠳᠤ ᠣᠷᠣᠵᠤ᠂ 3 ᠰᠠᠷ᠎ᠠ ᠶᠢᠨ ᠡᠬᠢ ᠪᠠᠷ ᠨᠢᠭᠡᠨᠲᠡ ᠪᠠᠷᠢᠯᠭ᠎ᠠ ᠡᠬᠢᠯᠡᠭᠰᠡᠨ ᠪᠠᠶᠢᠨ᠎ᠠ᠃
   ᠣᠳᠣ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠰᠠᠶᠢᠨ ᠴᠠᠭ ᠦᠶ᠎ᠡ ᠪᠣᠯᠬᠤᠷ ᠲᠠᠢ ᠫᠢᠩ ᠰᠢᠶᠠᠩ ᠤᠨ ᠡᠦ ᠰᠠᠨ ᠲᠣᠰᠬᠤᠨ ᠲᠠᠷᠢᠶᠠᠯᠠᠬᠤ ᠴᠠᠭ ᠢ ᠵᠠᠪᠳᠤᠨ ᠰᠠᠷᠢᠮᠰᠠᠭ ᠲᠠᠷᠢᠬᠤ ᠠᠴᠠ ᠡᠮᠦᠨᠡᠬᠢ ᠪᠡᠯᠡᠳᠬᠡᠯ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠪᠠᠶᠢᠨ᠎ᠠ᠃ ᠲᠣᠰᠬᠤᠨ ᠤ ᠠᠷᠠᠳ ᠹᠠᠨ ᠶᠢᠨ ᠰᠢᠶᠠ ᠶᠢᠨ ᠬᠦᠷᠢᠶᠡᠨ ᠳᠤ᠂ ᠲᠡᠷᠡ ᠶᠠᠭ ᠰᠠᠷᠢᠮᠰᠠᠭ ᠢ ᠰᠠᠯᠭᠠᠬᠤ ᠪᠠ ᠰᠢᠭᠰᠢᠨ ᠰᠣᠩᠭᠤᠬᠤ ᠠᠵᠢᠯ ᠬᠢᠵᠦ᠂ ᠬᠠᠭᠠᠰ ᠰᠠᠷ᠎ᠠ ᠶᠢᠨ ᠳᠠᠷᠠᠭ᠎ᠠ ᠰᠣᠩᠭᠤᠵᠤ ᠭᠠᠷᠭᠠᠭᠰᠠᠨ ᠰᠠᠷᠢᠮᠰᠠᠭ ᠤᠨ ᠦᠷ᠎ᠡ ᠪᠠᠨ ᠬᠠᠰᠢᠶᠠᠨ ᠳᠤ ᠪᠠᠨ ᠰᠢᠯᠵᠢᠭᠦᠯᠵᠦ ᠵᠠᠶᠢᠯᠠᠬᠤ ᠪᠣᠯᠤᠨ᠎ᠠ᠃
    ᠲᠠᠢ ᠫᠢᠩ ᠰᠢᠶᠠᠩ ᠤᠨ ᠦ᠋ ᠰᠠᠨ ᠲᠣᠰᠬᠤᠨ ᠪᠣᠯ ᠬᠤᠯᠠ ᠣᠶᠢᠷ᠎ᠠ ᠳᠤ ᠠᠯᠳᠠᠷᠰᠢᠭᠰᠠᠨ ᠰᠠᠷᠢᠮᠰᠠᠭ ᠳᠠᠷᠢᠬᠤ ᠲᠣᠰᠬᠤᠨ ᠪᠣᠯᠤᠨ᠎ᠠ᠂ 2024 ᠣᠨ ᠳᠤ ᠦ᠋ ᠰᠠᠨ ᠲᠣᠰᠬᠤᠨ ᠬᠦᠷᠢᠶ᠎ᠡ ᠬᠠᠰᠢᠶᠠᠨ ᠤ ᠪᠣᠷᠣ ᠰᠠᠷᠢᠮᠰᠠᠭ ᠢ ᠬᠥᠭᠵᠢᠭᠦᠯᠬᠦ ᠪᠠᠷ ᠳᠡᠮᠵᠢᠨ᠂ ᠬᠥᠮᠦᠨ ᠳᠤᠮᠳᠠᠴᠢ ᠶᠢᠨ ᠣᠷᠣᠯᠭ᠎ᠠ 1 ᠲᠦᠮᠡᠨ ᠲᠥᠭᠦᠷᠢᠭ ᠢ ᠪᠡᠶᠡᠯᠡᠭᠦᠯᠵᠦ᠂ ᠪᠣᠷᠣ ᠰᠠᠷᠢᠮᠰᠠᠭ ᠤᠨ ᠠᠵᠤ ᠦᠶᠯᠡᠰ ᠤᠨ ᠶᠡᠷᠦᠩᠬᠡᠶ ᠥᠷᠲᠡᠭ 200 ᠲᠦᠮᠡᠨ ᠲᠥᠭᠦᠷᠢᠭ ᠢ ᠳᠠᠪᠠᠵᠤ᠂ ᠠᠷᠠᠳ ᠢᠷᠭᠡᠳ ᠠᠯᠲᠠᠨ ᠠᠶᠠᠭ᠎ᠠ ᠠᠳᠬᠤᠵᠤ᠂ ᠠᠮᠢᠳᠤᠷᠠᠯ ᠨᠢ ᠶᠠᠪᠤᠬᠤ ᠲᠤᠲᠤᠮ ᠰᠠᠶᠢᠵᠢᠷᠠᠪᠠ᠃
   ︽2025 ᠣᠨ ᠳᠤ᠂ ᠮᠠᠨ ᠤ ᠡᠦ ᠰᠠᠨ ᠲᠣᠰᠬᠤᠨ ᠦᠷᠭᠦᠯᠵᠢᠯᠡᠨ ᠬᠡᠪᠴᠢᠶ᠎ᠡ ᠪᠠᠨ ᠥᠷᠭᠡᠳᠬᠡᠵᠦ᠂ ᠬᠦᠷᠡᠩ ᠰᠠᠷᠢᠮᠰᠠᠭ ᠤᠨ ᠮᠥ ᠶᠢᠨ ᠲᠤᠭ᠎ᠠ ᠶᠢ ᠨᠡᠮᠡᠭᠳᠡᠭᠦᠯᠵᠦ᠂ ᠬᠥᠮᠦᠨ ᠳᠤᠮᠳᠠᠴᠢ ᠶᠢᠨ ᠣᠷᠣᠯᠭ᠎ᠠ ᠶᠢ 15000 ᠲᠥᠭᠦᠷᠢᠭ ᠪᠡᠶᠡᠯᠡᠭᠦᠯᠬᠦ ᠪᠠᠷ ᠴᠢᠷᠮᠠᠶᠢᠬᠤ ᠶᠢᠨ ᠬᠠᠮᠲᠤ ᠪᠣᠷᠣ ᠰᠠᠷᠢᠮᠰᠠᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠡᠯᠬᠢᠶ᠎ᠡ  ᠶᠢ ᠪᠠᠶᠢᠭᠤᠯᠵᠤ᠂ ᠦᠶᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠬᠦᠷᠡᠩ ᠰᠠᠷᠢᠮᠰᠠᠭ ᠢ ᠮᠠᠨ ᠤ ᠡᠦ ᠰᠠᠨ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠠᠵᠤ ᠦᠶᠯᠡᠰ ᠪᠣᠯᠭᠠᠨ᠎ᠠ᠃︾ ᠭᠡᠵᠦ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠦ᠋ ᠰᠠᠨ ᠲᠣᠰᠬᠤᠨ ᠤ ᠨᠠᠮ ᠤᠨ ᠡᠭᠦᠷ ᠤᠨ ᠱᠦᠵᠢ ᠴᠧᠨ ᠳ᠋ᠧ ᠴᠢᠤᠸᠠᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号