ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ
ᠨᠡᠶᠢᠲᠡᠯᠡᠭᠰᠡᠨ ᠴᠠᠭ᠄
2025/3/28
   ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠢᠨ ᠤ ᠪᠦᠯᠦᠭᠯᠡᠯ ᠤᠨ ᠰᠣᠩᠭᠤᠯᠲᠠ ᠶᠢᠨ ᠠᠷᠭ᠎ᠠ ᠶᠢ ᠠᠰᠢᠭᠯᠠᠨ ᠲᠠᠷᠢᠶᠠᠴᠢᠨ ᠠᠶᠢᠯ ᠤᠨ ᠡᠭᠦᠯᠳᠡᠷ ᠤᠨ ᠽᠦᠨ ᠺᠧ ᠲᠠᠷᠢᠶᠠᠨ ᠳᠤ ᠰᠣᠩᠭᠤᠨ ᠪᠤᠶᠢᠵᠢᠭᠤᠯᠤᠭᠰᠠᠨ ᠡᠩ ᠤᠨ ᠢᠳᠡᠭᠡᠨ ᠤ ᠬᠡᠯᠪᠡᠷᠢ ᠶᠢᠨ ᠨᠡᠷᠡᠨ ᠬᠤᠸᠠᠷ ᠪᠣᠯᠣᠨ᠎ᠠ᠂ 2003 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃    ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠤᠨ ᠦᠷᠡᠵᠢᠯ ᠤᠨ ᠬᠤᠭᠤᠴᠠᠭ᠎ᠠ ᠨᠢ 125 ᠡᠳᠦᠷ ᠣᠷᠴᠢᠮ ᠪᠣᠯᠤᠨ᠎ᠠ᠃ ᠨᠢᠯᠬ᠎ᠠ ᠴᠢᠬᠢ ᠨᠢ ᠨᠣᠭᠤᠭᠠᠨ᠂ ᠲᠠᠷᠢᠶᠠᠨ ᠤ ᠤᠷᠭᠤᠴᠠ ᠴᠢᠩᠭ᠎ᠠ᠂ ᠤᠷᠭᠤᠮᠠᠯ ᠤᠨ ᠥᠨᠳᠥᠷ ᠨᠢ 280 ᠰᠠᠨᠲ᠋ᠢᠮᠧᠳ᠋ᠷ᠂ ᠰᠠᠯᠠᠭ᠎ᠠ ᠦᠭᠡᠢ᠂ ᠡᠰᠢ ᠨᠢ 5 ᠰᠠᠨᠲ᠋ᠢᠮᠧᠳ᠋ᠷ᠂ ᠴᠡᠴᠡᠭ ᠤᠨ ᠲᠠᠪᠠᠭ ᠤᠨ ᠳ᠋ᠢᠶᠠᠮᠧᠳ᠋ᠷ ᠨᠢ 25-30 ᠰᠠᠨᠲ᠋ᠢᠮᠧᠳ᠋ᠷ᠂ ᠲᠡᠭᠰᠢ ᠲᠠᠪᠠᠭ ᠲᠠᠢ ︔ ᠮᠦᠬᠦᠯᠢᠭ ᠨᠢ ᠬᠠᠷ᠎ᠠ ᠴᠠᠭᠠᠨ ᠡᠷᠢᠶᠡᠨ ᠰᠢᠷ᠎ᠠ ᠴᠠᠭᠠᠨ ᠬᠥᠪᠡᠭᠡ ᠲᠠᠢ᠂ ᠢᠭ ᠬᠡᠯᠪᠡᠷᠢᠲᠡᠢ᠂ ᠮᠥᠬᠦᠯᠢᠭ ᠤᠨ ᠤᠷᠳᠤ ᠨᠢ 2.5 ᠰᠠᠨᠲ᠋ᠢᠮᠧᠳ᠋ᠷ ᠠᠴᠠ ᠳᠡᠭᠡᠭᠰᠢ ᠪᠠᠶᠢᠬᠤ ᠨᠢ 80% ᠶᠢ ᠡᠵᠡᠯᠡᠵᠦ᠂ ᠠᠶᠠᠨᠳᠠᠭᠠᠨ ᠪᠦᠲᠦᠭᠰᠡᠨ ᠨᠤᠷᠮ᠎ᠠ ᠨᠢ 70%᠂ ᠵᠠᠭᠤᠨ ᠮᠥᠬᠦᠯᠢᠭ ᠪᠦᠷᠢ ᠶᠢᠨ ᠬᠦᠨᠳᠦ ᠨᠢ 23 ᠭᠷᠡᠮ ᠣᠷᠴᠢᠮ᠂ ᠦᠷ᠎ᠡ ᠶᠢᠨ ᠴᠦᠮ᠎ᠡ ᠶᠢᠨ ᠨᠤᠷᠮ᠎ᠠ ᠨᠢ 51% ᠶᠢ ᠡᠵᠡᠯᠡᠨ᠎ᠡ᠃ ᠦᠷ᠎ᠡ ᠶᠢᠨ ᠴᠥᠮ᠎ᠡ ᠶᠢᠨ ᠪᠦᠳᠦᠭᠦᠯᠢᠭ ᠥᠭᠡᠬᠦ ᠶᠢᠨ ᠠᠭᠤᠯᠤᠭᠳᠠᠴᠠ 55.09%᠂ ᠪᠦᠳᠦᠭᠦᠯᠢᠭ ᠤᠭᠤᠷᠠᠭ ᠤᠨ ᠠᠭᠤᠯᠤᠭᠳᠠᠴᠠ 26.42% ᠪᠠᠶᠢᠵᠤ᠂ ᠬᠠᠭᠤᠷᠤᠭᠠᠳ ᠢᠳᠡᠬᠦ ᠳᠤ ᠠᠮᠳᠠ ᠲᠠᠢ᠂ ᠬᠡᠦᠷᠡᠭ᠂ ᠮᠥᠬᠦᠯᠢᠭ ᠲᠣᠮᠣ᠂ ᠢᠳᠡᠬᠦ ᠳᠤ ᠬᠢᠯᠪᠠᠷ ᠵᠡᠷᠭᠡ ᠣᠨᠴᠠᠭᠠᠶ ᠴᠢᠨᠠᠷ ᠲᠠᠢ ᠪᠦᠭᠡᠳ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠳᠤ ᠲᠡᠰᠪᠦᠷᠢᠲᠡᠢ᠂ ᠵᠢᠪᠡᠷᠡᠬᠦ ᠡᠪᠡᠳᠴᠢᠨ ᠢ ᠡᠰᠡᠷᠭᠦᠴᠡᠬᠦ ᠵᠡᠷᠭᠡ ᠣᠨᠴᠠᠭᠠᠶ ᠴᠢᠨᠠᠷ ᠲᠠᠢ ᠪᠠᠶᠢᠳᠠᠭ᠃    ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠤᠨ ᠮᠦ ᠪᠦᠷᠢ ᠶᠢᠨ ᠳᠤᠮᠳᠠᠴᠢ ᠤᠨᠠᠯᠲᠠ ᠨᠢ 200 ᠺᠢᠯᠣᠭ᠍ᠷᠠᠮ ᠣᠷᠴᠢᠮ ᠪᠠᠶᠢᠳᠠᠭ᠃    ᡂᠢ ᠺᠦᠢ 2 ᠨᠣᠮᠧᠷᠲᠤ ᠨᠡᠷᠡᠨ ᠬᠤᠸᠠᠷ ᠤᠨ ᠡᠭᠦᠯᠳᠡᠷ ᠢ > 10℃ ᠤᠨ ᠬᠥᠳᠡᠯᠭᠡᠭᠡᠨ ᠤ ᠬᠤᠷᠠᠮᠳᠤᠭᠰᠠᠨ ᠳᠤᠯᠠᠭᠠᠨ ᠤ ᠬᠡᠮᠵᠢᠶ᠎ᠡ 2700℃ ᠠᠴᠠ ᠳᠡᠭᠡᠭᠰᠢᠬᠢ ᠭᠠᠵᠠᠷ ᠣᠷᠣᠨ ᠳᠤ ᠲᠠᠷᠢᠬᠤ ᠳᠤ ᠲᠣᠬᠢᠷᠠᠮᠵᠢᠲᠠᠢ᠃ ᠮᠦ ᠪᠦᠷᠢ ᠶᠢᠨ ᠲᠠᠷᠢᠶᠠᠨ ᠴᠢᠬᠢ ᠶᠢᠨ ᠬᠠᠮᠠᠭᠠᠯᠠᠯᠲᠠ ᠨᠢ 1000 ᠰᠠᠭᠤᠷᠢ ᠣᠷᠴᠢᠮ ᠪᠠᠶᠢᠳᠠᠭ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号