ᠬᠠᠤᠯᠢ ᠴᠠᠭᠠᠵᠠ ᠶᠢᠨ ᠲᠢᠩᠬᠢᠮ ᠭᠤᠷᠪᠠᠨ ᠠᠷᠭ᠎ᠠ ᠬᠡᠮᠵᠢᠶ᠎ᠡ ᠠᠪᠴᠤ ᠬᠠᠤᠯᠢᠴᠢ ᠶᠢᠨ ᠠᠵᠢᠯ ᠲᠥᠷᠥᠯ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃ ᠨᠢᠭᠡ ᠳᠤ᠂ ᠵᠠᠰᠠᠭ ᠵᠠᠬᠢᠷᠭᠠᠨ ᠤ | ᠪᠠᠶᠢᠭᠤᠯᠭ᠎ᠠ ᠨᠤᠭᠤᠳ ᠲᠤ ᠬᠠᠤᠯᠢ ᠴᠠᠭᠠᠵᠠ ᠶᠢᠨ ᠵᠥᠪᠯᠡᠭᠴᠢ ᠶᠢ ︽ᠨᠡᠶᠢᠳᠡᠮ ᠳᠣᠬᠢᠷᠠᠭᠤᠯᠬᠤ ︾ ᠶᠢ | ᠠᠬᠢᠭᠤᠯᠵᠤ᠂ ᠵᠠᠯᠠᠭᠤ ᠬᠠᠤᠯᠢᠴᠢᠳ ᠢ ᠬᠠᠤᠯᠢ ᠴᠠᠭᠠᠵᠠ ᠶᠢᠨ ᠭᠠᠵᠠᠷ ᠲᠤ ᠲᠤᠰᠢᠶᠠᠯ ᠡᠭᠦᠷᠭᠡᠯᠡᠨ ᠪᠣᠯᠪᠠᠰᠤᠷᠠᠬᠤ ᠪᠠᠨ | ᠠᠬᠢᠭᠤᠯᠵᠤ᠂ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠦᠢᠯᠡᠴᠢᠯᠡᠭᠦᠯᠦᠨ᠎ᠡ᠃ ᠬᠤᠶᠠᠷ ᠲᠤ | ᠂ ᠤᠯᠠᠨ ᠲᠦᠮᠡᠨ ᠤ ᠬᠠᠤᠯᠢᠵᠢᠯ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ ᠨᠡᠶᠢᠲᠡ ᠶᠢᠨ ᠠᠰᠠᠷᠠᠮᠵᠢ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠶᠢ ᠠᠬᠢᠭᠤᠯᠵᠤ᠂ ︽ᠬᠠᠤᠯᠢᠴᠢᠳ ᠢ ᠬᠥᠳᠡᠭᠡ ᠲᠣᠰᠬᠤᠨ ᠳᠤ ᠣᠴᠢᠭᠤᠯᠬᠤ | ︾᠂ ︽ᠲᠦᠮᠡᠨ ᠬᠠᠤᠯᠢᠴᠢ ᠶᠢᠨ ᠭᠠᠵᠠᠷ ᠬᠢᠭᠡᠳ ᠲᠦᠮᠡᠨ ᠬᠤᠳᠠᠯᠳᠤᠭᠠᠴᠢᠳ ᠤᠨ ᠡᠪᠯᠡᠯ ᠬᠤᠯᠪᠣᠭ᠎ᠠ | ᠪᠠᠶᠢᠭᠤᠯᠬᠤ ︾ ᠠᠵᠢᠯᠯᠠᠭᠠᠨ ᠢ ᠪᠠᠶᠢᠩᠭᠤᠰᠢᠭᠤᠯᠤᠨ ᠠᠬᠢᠭᠤᠯᠵᠤ᠂ ᠬᠠᠤᠯᠢᠴᠢ ᠶᠢᠨ ᠡᠩᠨᠡᠭᠡᠨ ᠤ ᠠᠷᠠᠳ ᠲᠤ | ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠳᠦᠯ ᠢ ᠪᠠᠳᠠᠷᠠᠭᠤᠯᠤᠨ᠎ᠠ᠃ ᠭᠤᠷᠪᠠ ᠳᠤ᠂ | ᠭᠠᠳᠠᠭᠠᠳᠤ ᠯᠤᠭ᠎ᠠ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠤ | ᠬᠥᠮᠥᠷᠭᠡ ᠶᠢ ᠪᠦᠷᠢᠨᠰᠢᠭᠦᠯᠬᠦ᠂ ᠭᠠᠳᠠᠭᠠᠳᠤ ᠯᠤᠭ᠎ᠠ ᠬᠤᠯᠪᠣᠭᠳᠠᠬᠤ ᠬᠠᠤᠯᠢᠴᠢ ᠶᠢᠨ ᠭᠠᠵᠠᠷ ᠢ ᠦᠨᠡᠯᠡᠨ ᠵᠢᠱᠢᠵᠦ | ᠪᠤᠶᠢᠵᠢᠭᠤᠯᠬᠤ᠂ ᠮᠣᠩᠭᠤᠯ ᠣᠷᠣᠰ ᠯᠤᠭ᠎ᠠ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ | ᠴᠣᠭᠴᠠᠵᠢᠭᠤᠯᠬᠤ ᠠᠵᠢᠯ ᠤᠨ ᠲᠠᠪᠴᠠᠩ ᠴᠣᠭᠴᠠᠯᠠᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠥᠪᠥᠷ | ᠮᠣᠩᠭᠤᠯ ᠤᠨ ᠬᠠᠤᠯᠢᠴᠢ ᠶᠢᠨ ᠠᠵᠢᠯ ᠲᠥᠷᠥᠯ ᠢ ᠮᠣᠩᠭᠤᠯ ᠣᠷᠣᠰ ᠯᠤᠭ᠎ᠠ ᠬᠤᠯᠪᠣᠭᠳᠠᠬᠤ ᠲᠤᠬᠠᠶᠢᠯᠠᠭᠰᠠᠨ | ᠠᠵᠢᠯ ᠤᠨ ᠬᠡᠪ ᠳᠠᠭᠤᠷᠢᠶᠠᠯ ᠪᠣᠯᠭᠠᠬᠤ ᠶᠢ ᠠᠬᠢᠭᠤᠯᠤᠨ᠎ᠠ᠃ ︵ᠬᠠᠤᠯᠢ ᠴᠠᠭᠠᠵᠠ ᠶᠢᠨ ᠲᠢᠩᠬᠢᠮ ︶ |