ᠴᠡᠴᠡᠭ ᠵᠢᠮᠢᠰ ‍ᠦᠨ‌‍ᠰᠤᠳᠤᠯᠤᠨ ᠰᠤᠷᠤᠯᠴᠠᠬᠤ ᠪᠠᠷ ᠪᠣᠯᠵᠤᠭ᠎ᠠ ᠪᠣᠯᠭᠠᠵᠤ ᠬᠠᠪᠤᠷ ᠤᠨ ᠦᠪᠡᠳᠡᠭᠰᠢ ᠳᠠᠶᠢᠯᠠᠯᠭ᠎ᠠ  ᠳᠤ ᠬᠠᠮᠳᠤ ᠵᠤᠯᠭᠠᠨ᠎ᠠ
ᠨᠡᠶᠢᠲᠡᠯᠡᠭᠰᠡᠨ ᠴᠠᠭ᠄
2025/3/28
   ᠲᠤᠩᠭᠠᠯᠠᠭ ᠰᠠᠶᠢᠬᠠᠨ ᠡᠳᠦᠷ᠂ ᠶᠠᠭ ᠰᠠᠶᠢᠬᠠᠨ ᠵᠤᠭᠠᠴᠠᠬᠤ ᠪᠠᠷ ᠭᠠᠷᠬᠤ ᠰᠠᠶᠢᠨ ᠴᠠᠭ ᠦᠶ᠎ᠡ ᠪᠤᠯᠤᠨ᠎ᠠ᠃ ᠲᠡᠭᠦᠬᠦ᠂ ᠴᠡᠴᠡᠭ ᠰᠣᠨᠢᠷᠬᠠᠬᠤ᠂ ᠲᠠᠯᠠᠪᠤᠷ ᠢᠶᠠᠷ ᠵᠤᠭᠠᠴᠠᠬᠤ ᠵᠡᠷᠭᠡ ᠨᠢ ᠴᠥᠭᠡᠨ ᠪᠤᠰᠤ ᠬᠤᠲᠠ ᠶᠢᠨ ᠠᠷᠠᠳ ᠤᠨ ᠵᠢᠭᠤᠯᠴᠢᠯᠠᠭᠴᠢᠳ ᠤᠨ ᠰᠢᠨ᠎ᠡ ᠰᠣᠩᠭᠤᠯᠲᠠ ᠪᠣᠯᠵᠣ᠂ ᠣᠯᠠᠨ ᠢᠶᠠᠷ ᠢᠶᠠᠨ ᠪᠦᠷ ᠬᠡᠷ ᠠᠴᠠ ᠪᠠᠨ ᠭᠠᠷᠴᠤ᠂ ᠡᠬᠡ ᠪᠠᠶᠢᠭᠠᠯᠢ ᠲᠤᠮᠳᠠ ᠬᠠᠪᠤᠷ ᠤᠨ ᠡᠳᠦᠷ ᠤᠨ ᠲᠠᠲᠠᠬᠤ ᠬᠦᠴᠦᠨ ᠢ ᠮᠡᠳᠡᠷᠡᠪᠡ᠃
   ᠬᠠᠪᠤᠷ ᠤᠨ ᠡᠬᠢ ᠪᠠᠷ ᠭᠦᠵᠡᠯᠵᠡᠭᠡᠨ᠎ᠡ ᠶᠢᠨ ᠤᠯᠠᠷᠢᠯ ᠪᠣᠯᠵᠣ᠂ ᠬᠠᠮᠤᠭ ᠤᠨ ᠠᠮᠲᠠᠲᠠᠶ ᠴᠠᠭ ᠮᠥᠴᠡ ᠪᠠᠨ ᠤᠭᠲᠤᠨ ᠠᠪᠴᠢᠷᠠᠯ᠎ᠠ᠃ ᠲᠦᠴᠢᠦᠸᠠᠨ ᠰᠢᠶᠠᠨ ᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠾᠧᠦ ᠬᠤᠩ ᠵᠠᠩ ᠤᠨ ᠭᠦᠵᠡᠯᠵᠡᠭᠡᠨ᠎ᠡ ᠶᠢᠨ ᠬᠦᠯᠡᠮᠵᠢ ᠳᠤ ᠣᠷᠣᠪᠠᠯ᠂ ᠬᠦᠯᠡᠮᠵᠢ ᠶᠢᠨ ᠳᠣᠲᠣᠷᠠᠬᠢ ᠴᠡᠪᠡᠷ ᠴᠡᠮᠴᠡᠭᠡᠷ ᠪᠠᠶᠢᠬᠤ ᠶᠢ ᠣᠯᠵᠤ ᠬᠠᠷᠠᠨ᠎ᠠ᠂ ᠭᠠᠵᠠᠷ ᠤᠨ ᠭᠠᠳᠠᠷᠭᠤ ᠳᠤ ᠰᠦᠯᠢᠶᠣᠣ ᠪᠦᠷᠬᠦᠪᠴᠢ ᠳᠡᠪᠢᠰᠴᠦ᠂ ᠮᠥᠷ ᠮᠥᠷ ᠭᠦᠵᠡᠯᠵᠡᠭᠡᠨ᠎ᠡ ᠬᠥᠬᠡᠷᠡᠨ ᠨᠣᠭᠤᠭᠠᠷᠠᠵᠤ᠂ ᠨᠣᠭᠤᠭᠠᠨ ᠨᠠᠪᠴᠢ ᠶᠢᠨ ᠳᠤᠮᠳᠠ ᠤᠯᠠᠭᠠᠨ ᠦᠩᠭᠡ ᠢᠯᠭᠠᠷᠠᠮ᠎ᠠ ᠭᠦᠵᠡᠯᠵᠡᠭᠡᠨ᠎ᠡ ᠶᠢ ᠴᠢᠮᠡᠵᠦ᠂ ᠰᠢᠯᠦᠰᠦ ᠭᠤᠭᠤᠵᠢᠭᠤᠯᠤᠨ᠎ᠠ᠃ ᠴᠥᠭᠡᠨ ᠪᠤᠰᠤ ᠵᠤᠭᠠᠴᠠᠭᠰᠠᠳ ᠲᠡᠭᠦᠨ ᠤ ᠳᠤᠮᠳᠠ ᠶᠠᠪᠤᠵᠤ ᠲᠡᠭᠦᠵᠦ᠂ ᠲᠡᠭᠦᠬᠦ ᠶᠢᠨ ᠪᠠᠶᠠᠷ ᠪᠠᠭ᠋ᠠᠳᠤᠯ ᠢ ᠮᠡᠳᠡᠷᠡᠵᠦ ᠪᠠᠶᠢᠨ᠎ᠠ᠃
   ︽ᠥᠨᠥᠳᠦᠷ ᠨᠠᠰᠤᠲᠠᠨ ᠢᠶᠠᠨ ᠳᠠᠭᠠᠭᠤᠯᠤᠨ ᠭᠠᠳᠠᠨ᠎ᠠ ᠭᠠᠷᠴᠤ ᠠᠮᠢᠰᠬᠤᠭ᠎ᠠ ᠠᠪᠴᠤ᠂ ᠬᠠᠮᠲᠤ ᠪᠠᠷ ᠭᠦᠵᠡᠯᠵᠡᠭᠡᠨ᠎ᠡ ᠲᠡᠭᠦᠪᠡ᠂ ᠠᠳᠡᠬᠢ ᠭᠦᠵᠡᠯᠵᠡᠭᠡᠨ᠎ᠡ ᠲᠣᠮᠣ ᠮᠥᠷᠲᠡᠭᠡᠨ ᠰᠢᠬᠢᠷᠯᠢᠭ᠂ ᠭᠡᠷ ᠤᠨ ᠬᠥᠮᠦᠰ ᠮᠠᠰᠢ ᠳᠤᠷᠠᠲᠠᠶ᠃ ᠰᠠᠭᠤᠭᠠᠯᠢ ᠠᠷᠠᠳ ᠸᠠᠩ ᠢᠤᠢ᠄ ︽ᠮᠠᠨ ᠤ ᠭᠡᠷ ᠠᠴᠠ ᠠᠳᠡ ᠲᠡᠷᠭᠡ ᠵᠢᠯᠣᠭᠤᠳᠴᠤ ᠢᠷᠡᠪᠡᠯ ᠬᠤᠷᠢᠨ ᠬᠡᠳᠦᠨ ᠮᠢᠨᠦ᠋ᠲ ᠬᠡᠨᠷᠭᠰᠡᠨ᠎ᠡ᠂ ᠮᠠᠰᠢ ᠳᠥᠭᠦᠮ᠂ ᠡᠳᠡᠭᠡᠷ ᠢ ᠢᠳᠡᠵᠦ ᠪᠠᠷᠠᠭᠰᠠᠨ ᠤ ᠳᠠᠷᠠᠭ᠎ᠠ ᠳᠠᠬᠢᠨ ᠰᠢᠨ᠎ᠡ ᠰᠣᠷᠭᠤᠭ ᠢ ᠨᠢ ᠲᠡᠭᠦᠶ᠎ᠡ᠃︾ ᠭᠡᠪᠡ᠃
   ᠬᠦᠯᠡᠮᠵᠢ ᠶᠢᠨ ᠳᠣᠲᠣᠷ᠎ᠠ᠂ ᠬᠡᠦᠬᠡᠳ ᠤᠳ ᠶᠠᠭ ᠯᠠ ᠭᠦᠵᠡᠯᠵᠡᠭᠡᠨ᠎ᠡ ᠶᠢᠨ ᠰᠣᠨᠳᠤᠤᠯᠠ ᠶᠢᠨ ᠳᠤᠮᠳᠠᠭᠤᠷ ᠳᠡᠪᠬᠡᠷᠦᠨ᠂ ᠬᠠᠮᠤᠭ ᠤᠨ ᠲᠣᠮᠣ᠂ ᠬᠠᠮᠤᠭ ᠤᠨ ᠤᠯᠠᠭᠠᠨ ᠭᠦᠵᠡᠯᠵᠡᠭᠡᠨ᠎ᠡ ᠶᠢ ᠨᠠᠷᠢᠨ ᠨᠢᠭᠲᠠ ᠬᠠᠶᠢᠵᠤ ᠪᠠᠶᠢᠯ᠎ᠠ᠃ ᠪᠢᠴᠢᠬᠠᠨ ᠭᠠᠷ ᠭᠦᠵᠡᠯᠵᠡᠭᠡᠨ᠎ᠡ ᠶᠢᠨ ᠪᠠᠷᠢᠭᠤᠯ ᠢ ᠬᠥᠩᠭᠡᠬᠡᠨ ᠠᠳᠬᠤᠵᠤ᠂ ᠬᠢᠴᠢᠶᠡᠮᠵᠢᠲᠡᠶ ᠪᠠᠷ ᠨᠢᠭᠡ ᠠᠳᠬᠤ ᠭᠦᠵᠡᠯᠵᠡᠭᠡᠨ᠎ᠡ ᠶᠢ ᠠᠪᠴᠤ᠂ ᠠᠪᠤ ᠡᠵᠢ ᠳᠡᠭᠡᠨ ᠥᠪᠡᠷ ᠤᠨ ︽ᠪᠠᠶᠢᠯᠳᠤᠭᠠᠨ ᠤ ᠣᠯᠵᠠ︾ ᠪᠠᠨ ᠭᠠᠶᠢᠬᠠᠭᠤᠯᠵᠤ᠂ ᠴᠢᠷᠠᠶ ᠳᠡᠭᠡᠷᠡᠬᠢ ᠢᠨᠢᠶᠡᠮᠰᠦᠭᠯᠡᠯ ᠨᠢ ᠭᠠᠷ ᠲᠠᠬᠢ ᠭᠦᠵᠡᠯᠵᠡᠭᠡᠨ᠎ᠡ ᠠᠴᠠ ᠪᠠᠰᠠ ᠰᠢᠬᠢᠷᠯᠢᠭ ᠪᠠᠶᠢᠯ᠎ᠠ᠃    ︽ᠭᠠᠷᠠᠭ ᠤᠨ ᠰᠡᠭᠦᠯᠴᠢ ᠳᠤ ᠬᠡᠦᠬᠡᠳ ᠢᠶᠠᠨ ᠳᠠᠭᠠᠭᠤᠯᠤᠨ ᠠᠳᠡ ᠢᠷᠡᠵᠦ ᠵᠢᠮᠢᠰ ᠲᠡᠭᠦᠬᠦ ᠶᠢᠨ ᠪᠠᠶᠠᠷ ᠪᠠᠶᠠᠰᠤᠯ ᠢ ᠪᠡᠶᠡᠴᠢᠯᠡᠨ ᠤᠶᠢᠯᠭᠠᠵᠤ᠂ ᠲᠣᠮᠣ ᠮᠥᠷᠲᠡᠭᠡᠨ ᠰᠢᠬᠢᠷᠯᠢᠭ ᠭᠦᠵᠡᠯᠵᠡᠭᠡᠨ᠎ᠡ ᠣᠯᠵᠤ ᠢᠳᠡᠬᠦ ᠪᠠᠷ ᠪᠠᠷᠠᠬᠤ ᠥᠬᠡᠶ᠂ ᠬᠤᠲᠠ ᠠᠴᠠ ᠬᠤᠯᠠ ᠵᠠᠶᠢᠳᠠᠵᠤ᠂ ᠬᠥᠳᠡᠭᠡ ᠲᠣᠰᠬᠤᠨ ᠤ ᠨᠠᠮ ᠵᠢᠮ ᠢ ᠮᠡᠳᠡᠷᠡᠵᠦ᠂ ᠮᠠᠰᠢ ᠲᠠᠭᠠᠯᠠᠮᠵᠢᠲᠠᠶ ᠪᠠᠶᠢᠳᠠᠭ᠃︾ ᠭᠡᠵᠦ ᠵᠤᠭᠠᠴᠠᠭᠴᠢ ᠰᠢ ᠶᠢᠩ ᠢᠨᠢᠶᠡᠮᠰᠦᠭᠯᠡᠨ ᠬᠡᠯᠡᠨ᠎ᠡ᠃
   ᠲᠦᠴᠢᠦᠸᠠᠨ ᠰᠢᠶᠠᠨ ᠳᠤ ᠠᠮᠲᠠᠲᠠᠶ ᠭᠦᠵᠡᠯᠵᠡᠭᠡᠨ᠎ᠡ ᠣᠯᠵᠤ ᠢᠳᠡᠬᠦ ᠪᠠᠷ ᠪᠠᠷᠠᠬᠤ ᠦᠭᠡᠢ᠂ ᠪᠠᠰᠠ ᠵᠢᠷᠤᠭ ᠰᠢᠭ ᠰᠠᠶᠢᠬᠠᠨ ᠴᠡᠴᠡᠭ ᠣᠯᠵᠤ ᠦᠵᠡᠨ᠎ᠡ᠃ ᠱᠤ᠋ ᠭᠤᠸᠠᠩ ᠬᠦᠷᠢᠶᠡᠯᠡᠩ ᠲᠣᠭᠤᠷᠢᠭ ᠤᠨ ᠵᠢᠦᠢ ᠮᠧᠶ ᠾᠧᠩ ᠵᠢᠮᠢᠰ ᠤᠨ ᠬᠦᠷᠢᠶᠡᠯᠡᠩ ᠳᠠᠬᠢ ᠲᠠᠬᠢᠶᠠᠨ ᠵᠢᠷᠦᠬᠡ ᠵᠢᠮᠢᠰ ᠤᠨ ᠬᠦᠯᠡᠮᠵᠢ ᠳᠤ᠂ ᠨᠢᠭᠡ ᠨᠢᠭᠡ ᠬᠥᠢᠰ ᠲᠠᠬᠢᠶᠠᠨ ᠵᠢᠷᠦᠬᠡ ᠵᠢᠮᠢᠰ  ᠤᠨ ᠴᠡᠴᠡᠭ ᠨᠡᠷᠡᠨ ᠤ ᠭᠡᠷᠡᠯ ᠳᠤ ᠳᠡᠯᠭᠡᠷᠡᠵᠦ᠂ ᠬᠡᠷᠪᠡ ᠵᠥᠭᠡᠯᠡᠨ ᠰᠠᠯᠬᠢ ᠲᠠᠢ ᠤᠴᠠᠷᠠᠪᠠᠯ ᠬᠥᠩᠭᠡᠬᠡᠨ ᠨᠠᠶᠢᠭᠤᠨ᠎ᠠ᠃ ᠰᠠᠷᠠᠪᠴᠢ ᠳᠦᠭᠦᠷᠡᠩ ᠨᠣᠮᠢᠨ ᠨᠣᠭᠤᠭᠠᠨ ᠲᠤᠮᠲᠠ᠂ ᠪᠠᠭᠴᠠ ᠪᠠᠭᠴᠠ ᠡᠷᠬᠢᠮᠰᠦᠭ ᠠᠷᠢᠭᠤᠨ ᠴᠡᠪᠡᠷ ᠪᠠᠷ ᠴᠢᠮᠡᠭᠯᠡᠵᠦ᠂ ᠠᠭᠠᠷ ᠳᠦᠭᠦᠷᠡᠩ ᠠᠩᠬᠢᠯᠤᠮ᠎ᠠ ᠦᠨᠦᠷ ᠬᠠᠩᠬᠤᠯᠵᠤ᠂ ᠬᠠᠪᠤᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠡᠯ᠎ᠡ ᠭᠠᠵᠠᠷ ᠤᠨ ᠵᠤᠭᠠᠴᠠᠭᠰᠠᠳ ᠢ ᠲᠠᠲᠠᠬᠤ ᠪᠤᠶᠤ ᠬᠤᠸᠠᠷ ᠰᠣᠨᠢᠷᠬᠠᠨ ᠰᠡᠭᠦᠳᠡᠷ ᠲᠠᠲᠠᠬᠤ᠂ ᠡᠰᠡᠬᠦᠯ᠎ᠡ ᠰᠡᠯᠡᠭᠦᠴᠡᠨ ᠵᠤᠭᠠᠴᠠᠬᠤ ᠬᠦᠷᠢᠶᠡᠯᠡᠩ ᠳᠤ᠂ ᠲᠠᠬᠢᠶᠠᠨ ᠵᠢᠷᠦᠬᠡ ᠵᠢᠮᠢᠰ ᠤᠨ ᠴᠡᠴᠡᠭ ᠤᠨ ︽ᠭᠦᠶᠦᠭᠡᠨ ᠶᠠᠭᠠᠨ ᠥᠩᠭᠡ ᠶᠢᠨ ᠬᠠᠯᠠᠭᠤᠨ ᠰᠡᠳᠬᠢᠯᠭᠡ︾ ᠶᠢ ᠬᠠᠨᠲᠠᠯ᠎ᠠ ᠮᠡᠳᠡᠷᠡᠨ᠎ᠡ᠃
   ︽ᠠᠮᠠᠷᠠᠯᠲᠠ ᠶᠢᠨ ᠬᠤᠭᠤᠴᠠᠭᠠᠨ ᠳᠤ ᠨᠠᠶᠢᠵᠠ ᠲᠠᠢ ᠪᠠᠨ ᠬᠠᠮᠲᠤ ᠭᠦᠵᠡᠯᠵᠡᠭᠡᠨ᠎ᠡ ᠲᠡᠭᠦᠬᠦ ᠪᠠᠷ ᠢᠷᠡᠬᠦ ᠶᠢᠨ ᠵᠠᠪ ᠢᠶᠠᠷ᠂ ᠲᠠᠬᠢᠶᠠᠨ ᠵᠢᠷᠦᠬᠡ ᠵᠢᠮᠢᠰ ᠤᠨ ᠴᠡᠴᠡᠭ ᠳᠡᠯᠭᠡᠷᠡᠬᠦ ᠶᠢ ᠢᠷᠡᠵᠦ  ᠦᠵᠡᠪᠡ᠂ ᠲᠠᠬᠢᠶᠠᠨ ᠵᠢᠷᠦᠬᠡ ᠵᠢᠮᠢᠰ ᠢ ᠦᠷᠭᠦᠯᠵᠢ ᠢᠳᠡᠳᠡᠭ᠂ ᠲᠠᠬᠢᠶᠠᠨ ᠵᠢᠷᠦᠬᠡ ᠵᠢᠮᠢᠰ ᠤᠨ ᠴᠡᠴᠡᠭ ᠡᠶᠢᠮᠦ ᠰᠠᠶᠢᠬᠠᠨ ᠭᠡᠵᠦ ᠪᠣᠳᠣᠵᠤ ᠣᠯᠤᠭᠰᠠᠨ ᠦᠭᠡᠢ ᠂ ᠦᠨᠡᠬᠡᠷ ᠬᠤᠭᠤᠰᠣᠨ ᠢᠷᠡᠭᠰᠡᠨ ᠦᠭᠡᠢ᠃︾ ᠭᠡᠵᠦ ᠵᠤᠭᠠᠴᠠᠭᠰᠠᠳ ᠬᠣ᠋ ᠬᠠᠢ ᠶᠠᠨ ᠬᠡᠯᠡᠨ᠎ᠡ᠃    ᠵᠢᠮᠢᠰ ᠨᠣᠭᠤᠭ᠎ᠠ ᠲᠡᠭᠦᠬᠦ᠂ ᠴᠡᠴᠡᠭ ᠰᠣᠨᠢᠷᠬᠠᠬᠤ ᠠᠴᠠ ᠭᠠᠳᠠᠨ᠎ᠠ᠂ ᠤᠶᠢᠷ᠎ᠠ ᠲᠡᠭᠦᠷᠭᠡ ᠶᠢᠨ ᠵᠤᠭᠠᠴᠠᠯ ᠨᠢ ᠪᠠᠰᠠ ᠨᠢᠭᠡ ᠵᠦᠭᠡᠷ ᠰᠣᠩᠭᠤᠯᠲᠠ᠃ ᠲᠦᠴᠢᠦᠸᠠᠨ ᠰᠢᠶᠠᠨ ᠤ ᠰᠠᠶᠢᠨᠬᠤᠸᠠᠷ ᠬᠦᠷᠢᠶᠡᠯᠡᠩ ᠲᠣᠭᠤᠷᠢᠭ ᠲᠤ ᠪᠠᠶᠢᠭ᠎ᠠ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ ᠣᠷᠣᠵᠤ᠂ ᠭᠦᠨ ᠨᠡᠪᠴᠢᠯᠳᠦ ᠲᠣᠭᠠᠴᠢᠯᠠᠭᠰᠠᠨ ᠪᠡᠶᠡᠴᠢᠯᠡᠨ ᠣᠶᠢᠯᠠᠭᠠᠬᠤ᠂ ᠪᠦᠷᠢᠨ ᠮᠡᠳᠡᠭᠡ ᠵᠠᠩᠭᠢ ᠶᠢᠨ ᠳᠦᠷᠰᠦ ᠰᠢᠩᠭᠡᠭᠡᠯᠲᠡ᠂ ᠭᠦᠨ ᠨᠡᠪᠴᠢᠯᠳᠦ ᠪᠡᠶᠡᠴᠢᠯᠡᠨ ᠣᠶᠢᠯᠠᠭᠠᠬᠤ ᠣᠷᠣᠨ ᠵᠠᠢ᠂ VR ᠳᠦᠷᠰᠦ ᠰᠢᠩᠭᠡᠭᠡᠯᠲᠡ ᠵᠡᠷᠭᠡ ᠲᠣᠭᠠᠴᠢᠯᠠᠭᠰᠠᠨ ᠮᠡᠷᠭᠡᠵᠢᠯ ᠨᠢ ᠬᠥᠮᠦᠰ ᠤᠨ ᠠᠩᠬᠠᠷᠤᠯ ᠢ ᠲᠠᠲᠠᠵᠤ᠂ ᠲᠣᠭᠤᠷᠢᠨ ᠦᠵᠡᠭᠴᠢᠳ ᠬᠠᠷᠠᠭ᠎ᠠ᠂ ᠰᠣᠨᠣᠷ᠂ ᠦᠨᠦᠷ ᠤᠨ ᠰᠡᠷᠡᠯ ᠢᠶᠠᠷ ᠢᠶᠠᠨ ᠲᠦᠴᠢᠦᠸᠠᠨ ᠤ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠵᠤ ᠪᠣᠯᠤᠨ᠎ᠠ᠃    ᠲᠣᠭᠤᠷᠢᠨ ᠦᠵᠡᠭᠴᠢ ᠸᠠᠩ ᠲᠢᠶᠠᠨ ᠢ ᠬᠡᠯᠡᠭᠰᠡᠨ ᠨᠢ᠄ ︽ᠠᠭᠤᠷ ᠠᠮᠢᠰᠬᠤᠯ ᠤᠯᠠᠮ ᠠᠴᠠ ᠤᠯᠠᠮ ᠰᠠᠶᠢᠨ ᠪᠣᠯᠵᠠᠢ᠂ ᠬᠡᠤᠬᠡᠳ ᠢᠶᠠᠨ ᠳᠠᠭᠠᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠳᠤ ᠢᠷᠡᠵᠦ ᠲᠣᠭᠤᠷᠢᠨ ᠦᠵᠡᠵᠦ᠂ ᠨᠠᠳᠠ ᠳᠤ ᠮᠠᠰᠢ ᠣᠯᠠᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠂ ᠭᠦᠨ ᠨᠡᠪᠴᠢᠯᠳᠦ ᠳᠡᠯᠭᠡᠨ ᠦᠵᠡᠭᠦᠯᠬᠦ ᠲᠢᠩᠬᠢᠮ᠂ AI ᠮᠡᠷᠭᠡᠵᠢᠯ᠂ ᠪᠠᠰᠠ ᠨᠢᠭᠡ ᠪᠦᠯᠦᠭ ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠡᠪᠡᠰᠦᠨ ᠭᠦᠷᠦᠮᠡᠯ ᠴᠠᠭᠠᠰᠤᠨ ᠬᠠᠶᠢᠴᠢᠯᠠᠮᠠᠯ ᠵᠡᠷᠭᠡ ᠶᠢ ᠦᠵᠡᠭᠦᠯᠪᠡ᠂ ᠪᠢ ᠪᠣᠯᠤᠨ ᠬᠡᠦᠬᠡᠳ ᠪᠦᠷ ᠲᠤᠩ ᠲᠣᠭᠤᠨ᠎ᠠ᠂ ᠪᠢᠳᠡᠨ ᠤ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠤᠭᠰᠠᠨ ᠨᠢ ᠪᠠᠰᠠ ᠲᠤᠩ ᠰᠠᠶᠢᠨ᠂ ᠨᠠᠳᠠ ᠳᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠶᠢ ᠮᠡᠳᠡᠷᠡᠭᠦᠯᠵᠡᠢ᠃︾ ᠭᠡᠪᠡ᠃
   ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ︽ᠲᠦᠴᠢᠦᠸᠠᠨ ᠤ ᠰᠣᠶᠣᠯ ᠤᠨ ᠬᠠᠶᠢᠯᠲᠠ ᠶᠢᠨ ᠠᠶᠠᠯᠠᠯ︾ ᠤᠨ ᠣᠨᠴᠠᠯᠢᠭᠲᠤ ᠰᠤᠳᠤᠯᠤᠨ ᠰᠤᠷᠤᠯᠴᠠᠬᠤ ᠵᠠᠮ ᠱᠤᠭᠤᠮ ᠢ ᠨᠠᠷᠢᠨ ᠨᠢᠮᠪᠠᠶ ᠪᠤᠢ ᠪᠣᠯᠭᠠᠵᠤ᠂ ᠰᠤᠷᠭᠠᠨ ᠬᠥᠮᠦᠵᠢᠭᠦᠯᠬᠦ ᠴᠢᠨᠠᠷ᠂ ᠰᠣᠨᠢᠷᠬᠠᠯᠲᠤ ᠴᠢᠨᠠᠷ ᠪᠠ ᠪᠡᠶᠡᠴᠢᠯᠡᠨ ᠣᠶᠢᠯᠠᠭᠠᠬᠤ ᠴᠢᠨᠠᠷ  ᠢ ᠨᠢᠭᠡ ᠴᠣᠭᠴᠠᠵᠢᠭᠤᠯᠤᠭᠰᠠᠨ ᠰᠤᠳᠤᠯᠤᠨ ᠰᠤᠷᠤᠯᠴᠠᠬᠤ ᠦᠶᠯᠡᠳᠬᠦᠨ ᠤ ᠰᠢᠰᠲ᠋ᠧᠮ ᠢ ᠪᠦᠷᠢᠯᠳᠦᠭᠦᠯᠪᠡ᠃ ᠲᠡᠦᠬᠡ ᠰᠣᠶᠣᠯ ᠤᠨ ᠡᠬᠢ ᠰᠤᠷᠪᠤᠯᠵᠢ ᠶᠢ ᠬᠠᠶᠢᠨ ᠰᠢᠨᠵᠢᠯᠡᠬᠦ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠪᠤᠨ ᠶᠡᠭᠡ ᠭᠤᠤᠯ ᠰᠡᠳᠦᠪᠲᠦ ᠰᠤᠳᠤᠯᠤᠨ ᠰᠤᠷᠤᠯᠴᠠᠬᠤ ᠬᠢᠴᠢᠶᠡᠯ ᠢ ᠰᠢᠨ᠎ᠡ ᠪᠠᠷ ᠡᠭᠦᠳᠦᠨ ᠨᠡᠭᠡᠭᠡᠵᠦ᠂ ᠡᠭᠦᠨ ᠳᠤ ︽ᠲᠠᠷᠢᠶᠠᠯᠠᠩ ᠤᠨ ᠪᠣᠯᠪᠠᠰᠤᠨ ᠤ ᠣᠶᠢᠯᠠᠭᠠᠯᠲᠠ︾ ᠪᠠ ︽ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ︾ ᠬᠤᠶᠠᠷ ᠶᠡᠭᠡ ᠣᠨᠴᠠᠯᠢᠭᠲᠤ ᠬᠢᠴᠢᠶᠡᠯ ᠢ ᠨᠢᠭᠡᠨᠲᠡ ᠬᠢᠩᠭᠠᠨ ᠠᠶᠢᠮᠠᠭ ᠤᠨ ᠰᠤᠳᠤᠯᠤᠨ ᠰᠤᠷᠤᠯᠴᠠᠬᠤ ᠭᠠᠷ ᠳᠡᠪᠲᠡᠷ ᠤᠨ ᠭᠤᠤᠯᠳᠠᠯᠭ᠎ᠠ ᠲᠠᠢ ᠲᠠᠨᠢᠯᠴᠠᠭᠤᠯᠬᠤ ᠲᠥᠷᠥᠯ ᠵᠦᠶᠯ ᠳᠤ ᠣᠷᠣᠭᠤᠯᠤᠭᠰᠠᠨ ᠪᠥᠭᠡᠳ ᠬᠢᠩᠭᠠᠨ ᠠᠶᠢᠮᠠᠭ ᠤᠨ ᠠᠩᠬᠠᠳᠠᠭᠴᠢ ᠪᠦᠯᠦᠭ ᠰᠤᠳᠤᠯᠤᠨ ᠰᠤᠷᠤᠯᠴᠠᠬᠤ ᠵᠢᠭᠤᠯᠴᠢᠯᠠᠯ  ᠤᠨ ᠰᠠᠭᠤᠷᠢᠨ ᠭᠠᠵᠠᠷ ᠢᠶᠠᠷ ᠠᠮᠵᠢᠯᠲᠠ ᠲᠠᠢ ᠰᠣᠩᠭᠤᠭᠳᠠᠵᠤ᠂ 2024 ᠣᠨ ᠳᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠯᠬᠦᠮ ᠢ ᠨᠡᠶᠢᠲᠡ 51 ᠪᠦᠯᠦᠭ ᠤᠳᠠᠭ᠎ᠠ ᠭᠥᠯᠢᠶᠡᠨ ᠠᠪᠴᠤ᠂ ᠰᠤᠳᠤᠯᠤᠨ ᠰᠤᠷᠤᠯᠴᠠᠬᠤ ᠳᠤ ᠦᠶᠯᠡᠴᠢᠯᠡᠭᠰᠡᠨ ᠵᠤᠭᠠᠴᠠᠭᠰᠠᠳ 1.5 ᠲᠦᠮᠡᠨ ᠬᠥᠮᠦᠨ ᠤᠳᠠᠭ᠎ᠠ ᠶᠢ ᠳᠠᠪᠠᠪᠠ᠃    ᠬᠠᠪᠤᠷ ᠠᠴᠠ ᠡᠪᠦᠯ ᠪᠣᠯᠲᠠᠯ᠎ᠠ᠂ ᠤᠯᠠᠷᠢᠯ ᠪᠦᠷᠢ ᠲᠦᠴᠢᠦᠸᠠᠨ ᠰᠢᠶᠠᠨ ᠤ ︽ᠰᠢᠬᠢᠷᠯᠢᠭ ᠣᠨᠴᠠ ᠭᠠᠷᠤᠯᠲᠠ︾  ᠲᠠᠢ᠃ ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠲᠠᠷᠢᠶᠠᠯᠠᠩ ᠤᠨ ᠠᠵᠤ ᠦᠶᠯᠡᠰ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ  ᠶᠢᠨ᠂ ᠥᠨᠳᠥᠷ ᠪᠦᠲᠦᠮᠵᠢᠲᠡᠶ᠂ ᠰᠡᠯᠡᠭᠦᠴᠡᠯ᠂ ᠲᠣᠭᠤᠷᠢᠨ ᠦᠵᠡᠬᠦ᠂ ᠵᠢᠮᠢᠰ ᠲᠡᠭᠦᠬᠦ ᠲᠠᠷᠢᠶᠠᠯᠠᠩ ᠤᠨ ᠵᠢᠭᠤᠯᠴᠢᠯᠠᠯ  ᠤᠨ ᠠᠵᠤ ᠦᠶᠯᠡᠰ ᠢ ᠶᠡᠭᠡ ᠪᠠᠷ ᠬᠥᠭᠵᠢᠭᠦᠯᠵᠦ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠴᠢᠭᠡ ᠡᠬᠡ ᠦᠷ᠎ᠡ ᠬᠡᠦᠬᠡᠳ ᠤᠨ ᠬᠤᠷᠰᠢᠯᠴᠠᠭ᠎ᠠ ᠵᠢᠭᠤᠯᠴᠢᠯᠠᠯ ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠰᠢᠰᠲ᠋ᠧᠮ ᠤᠨ ᠵᠢᠭᠤᠯᠴᠢᠯᠠᠯ ᠤᠨ ᠲᠠᠸᠠᠷ ᠤᠨ ᠰᠢᠰᠲ᠋ᠧᠮ ᠢ ᠪᠠᠶᠢᠭᠤᠯᠵᠤ᠂ ᠵᠤᠭᠠᠴᠠᠭᠰᠠᠳ ᠲᠠᠢ ᠬᠠᠮᠲᠤ ᠬᠥᠳᠡᠭᠡ ᠲᠣᠰᠬᠤᠨ ᠳᠤ ᠪᠠᠶᠢᠭᠠᠯᠢ ᠪᠠ ᠰᠣᠶᠣᠯ ᠢ ᠮᠡᠳᠡᠷᠡᠵᠦ᠂ ︽ᠣᠶᠢᠷ᠎ᠠ ᠲᠡᠭᠦᠷᠭᠡ ᠶᠢᠨ ᠵᠢᠭᠤᠯᠴᠢᠯᠠᠯ︾  ᠢ ᠰᠡᠯᠡᠭᠦᠴᠡᠯ ᠪᠠ ᠠᠮᠢᠳᠤᠷᠠᠯ ᠢ ᠡᠳ᠋ᠯᠡᠬᠦ ᠠᠷᠭ᠎ᠠ ᠮᠠᠶ᠋ᠢᠭ ᠪᠣᠯᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号