ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠭᠦᠩ ᠨᠦᠩ ᠪᠠᠭ᠎ᠠ ᠰᠤᠷᠭᠠᠭᠤᠯᠢ ᠬᠢᠴᠢᠶᠡᠯ | ᠤᠨ ᠵᠠᠪᠰᠠᠷᠯᠠᠭ᠎ᠠ ᠶᠢᠨ 40 ᠮᠢᠨᠦ᠋ᠲ ᠤᠨ ᠲᠣᠭᠲᠠᠭᠠᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠪᠡᠷᠮᠢᠴᠡ | ᠣᠨᠴᠠᠯᠢᠭ ᠲᠠᠢ ᠬᠢᠴᠢᠶᠡᠯ ᠤᠨ ᠵᠠᠪᠰᠠᠷᠯᠠᠭ᠎ᠠ ᠶᠢ ᠢᠳᠡᠪᠬᠢᠲᠡᠶ ᠪᠠᠶᠢᠭᠤᠯᠵᠤ᠂ ᠪᠠᠭᠰᠢ ᠰᠤᠷᠤᠭᠴᠢᠳ ᠤᠨ ᠬᠢᠴᠢᠶᠡᠯ | ᠤᠨ ᠬᠡᠷ ᠠᠴᠠ ᠭᠠᠷᠴᠤ᠂ ᠭᠠᠳᠠᠨ᠎ᠠ ᠭᠠᠷᠴᠤ᠂ ᠡᠷᠡᠭᠦᠯ ᠴᠢᠭᠢᠷᠠᠭ ᠠᠮᠢᠵᠢᠷᠠᠯ ᠤᠨ ᠬᠦᠴᠦᠨ ᠲᠠᠢ ᠰᠤᠷᠭᠠᠭᠤᠯᠢ ᠶᠢᠨ | ᠬᠦᠷᠢᠶᠡᠨ ᠤ ᠠᠮᠢᠳᠤᠷᠠᠯ ᠢ ᠡᠳ᠋ᠯᠡᠬᠦ ᠶᠢ ᠬᠥᠲᠥᠯᠥᠨ ᠵᠢᠯᠣᠭᠤᠳᠴᠤ᠂ ᠰᠤᠷᠤᠭᠴᠢᠳ ᠤᠨ ᠪᠠᠶᠠᠷ ᠬᠥᠷ ᠲᠠᠢ ᠦᠰᠦᠨ | ᠪᠣᠶᠢᠵᠢᠬᠤ ᠶᠢ ᠠᠬᠢᠭᠤᠯᠪᠠ᠃ | | ᠦᠳᠡ ᠶᠢᠨ ᠡᠮᠦᠨᠡᠬᠢ 9 ᠴᠠᠭ 50 ᠮᠢᠨᠦ᠋ᠲ ᠲᠤ᠂ ᠬᠢᠴᠢᠶᠡᠯ ᠪᠠᠭᠤᠬᠤ ᠬᠤᠩᠬᠤᠨ ᠳᠠᠭᠤᠨ ᠳᠠᠭᠤᠷᠢᠰᠬᠤ ᠶᠢ | ᠳᠠᠭᠠᠯᠳᠤᠨ᠂ ᠭᠦᠩ ᠨᠦᠩ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠤ ᠬᠤᠷᠣᠮᠬᠠᠨ ᠵᠠᠭᠤᠷ᠎ᠠ | ᠠᠮᠢᠵᠢᠷᠠᠯ ᠤᠨ ᠬᠦᠴᠦᠨ ᠪᠢᠯᠬᠠᠵᠤ᠂ ᠰᠤᠷᠤᠭᠴᠢᠳ ᠬᠢᠴᠢᠶᠡᠯ ᠤᠨ ᠭᠡᠷ ᠠᠴᠠ ᠡᠮᠬᠢ ᠵᠢᠷᠤᠮ ᠲᠠᠢ ᠪᠠᠷ ᠭᠠᠷᠴᠤ᠂ | ᠪᠠᠶᠠᠷ ᠪᠠᠶᠠᠰᠬᠤᠯᠠᠩᠲᠤ ᠠᠶᠢᠵᠠᠮ ᠢ ᠲᠠᠭᠠᠨ᠂ ᠬᠥᠳᠡᠯᠭᠡᠭᠡᠨ ᠤ ᠠᠶᠢᠵᠠᠮ ᠢ ᠳᠠᠭᠠᠵᠤ᠂ ᠰᠤᠷᠭᠠᠭᠤᠯᠢ ᠶᠢᠨ ᠣᠨᠴᠠᠯᠢᠭ | ᠲᠠᠢ ᠥᠪᠡᠷ ᠢᠶᠠᠨ ᠨᠠᠶᠢᠷᠠᠭᠤᠯᠤᠭᠰᠠᠨ ᠲᠠᠮᠢᠷ ᠢ ᠪᠥᠵᠢᠭᠯᠡᠪᠡ᠃ ᠭᠠᠷ ᠢᠶᠠᠨ ᠬᠥᠳᠡᠯᠭᠡᠨ᠂ ᠨᠢᠷᠤᠭᠤ ᠪᠠᠨ ᠮᠤᠰᠬᠢᠨ | ᠰᠤᠩᠭᠠᠵᠤ᠂ ᠬᠥᠳᠡᠯᠭᠡᠭᠡᠨ ᠤ ᠪᠠᠷᠢᠮᠵᠢᠶ᠎ᠠ ᠨᠢ ᠬᠦᠴᠦᠲᠡᠶ ᠪᠠᠶᠢᠵᠤ᠂ ᠰᠤᠷᠤᠭᠴᠢᠳ ᠤᠨ ᠬᠥᠳᠡᠯᠭᠡᠭᠡᠨ ᠬᠢᠬᠦ᠂ ᠪᠠᠶᠠᠷ | ᠬᠥᠷ ᠲᠠᠢ᠂ ᠢᠳᠡᠪᠬᠢᠲᠡᠶ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | | ︽ᠪᠢ ᠣᠯᠠᠨ ᠲᠠᠢ ᠬᠠᠮᠲᠤ ᠪᠡᠶ᠎ᠡ ᠲᠠᠮᠢᠷ ᠦᠰᠦᠷᠬᠦ ᠲᠤᠩ ᠳᠤᠷᠠᠲᠠᠢ᠂ ᠳᠠᠭᠤᠤ ᠬᠥᠭᠵᠢᠮ ᠨᠢ ᠲᠤᠩ | ᠬᠥᠳᠡᠯᠭᠡᠭᠡᠨ ᠲᠠᠢ᠂ ᠬᠥᠳᠡᠯᠭᠡᠭᠡᠨ ᠨᠢ ᠪᠠᠰᠠ ᠲᠤᠩ ᠰᠣᠨᠢᠷᠬᠠᠯᠲᠠᠢ᠂ ᠦᠰᠦᠷᠴᠦ ᠪᠠᠷᠠᠭᠰᠠᠨ ᠤ ᠳᠠᠷᠠᠭ᠎ᠠ ᠪᠦᠷ ᠴᠤᠭ | ᠵᠢᠪᠬᠤᠭ᠎ᠠ ᠲᠠᠢ ᠰᠠᠨᠠᠭᠳᠠᠵᠤ᠂ ᠬᠢᠴᠢᠶᠡᠯ ᠣᠷᠣᠬᠤ ᠦᠶ᠎ᠡ ᠳᠤ ᠨᠠᠩ ᠠᠩᠬᠠᠷᠤᠯ ᠢᠶᠠᠨ ᠲᠥᠪᠯᠡᠷᠡᠭᠦᠯᠵᠦ ᠴᠢᠳᠠᠨ᠎ᠠ᠃︾ | ᠭᠡᠵᠦ ᠰᠤᠷᠤᠭᠴᠢ ᠹᠧᠩ ᠵᠢᠶᠦ᠋ᠨ ᠮᠢᠩ ᠬᠡᠯᠡᠪᠡ᠃ | ᠰᠤᠷᠤᠭᠴᠢ ᠰᠦᠨ ᠨᠦᠸᠧ᠄ ︽ᠪᠢ ᠬᠠᠮᠲᠤ ᠰᠤᠷᠤᠭᠴᠢᠳ ᠲᠠᠢ ᠪᠠᠨ ᠬᠠᠮᠵᠢᠯᠴᠠᠬᠤ ᠶᠢ ᠰᠤᠷᠴᠠᠢ᠂ | ᠬᠥᠳᠡᠯᠭᠡᠭᠡᠨ ᠲᠠᠷᠢ ᠲᠡᠭᠰᠢ ᠪᠠᠶᠢᠪᠠᠯ ᠰᠠᠶ᠋ᠢ ᠰᠦᠷ ᠵᠢᠪᠬᠤᠭ᠎ᠠ ᠲᠠᠢ ᠪᠣᠯᠤᠨ᠎ᠠ᠃ ᠲᠡᠶᠢᠮᠦ ᠪᠥᠭᠡᠳ ᠪᠢ ᠥᠪᠡᠷ ᠢ ᠪᠠᠨ | ᠨᠠᠩ ᠢᠲᠡᠭᠡᠯ ᠲᠠᠢ ᠪᠣᠯᠵᠠᠢ ᠭᠡᠵᠦ ᠪᠣᠳᠣᠵᠠᠢ᠂ ᠤᠤᠯ ᠨᠢ ᠪᠢ ᠵᠢᠭᠠᠬᠠᠨ ᠢᠴᠢᠵᠦ ᠪᠠᠶᠢᠵᠠᠢ᠂ ᠤᠳᠤ ᠣᠯᠠᠨ ᠤ | ᠡᠮᠦᠨ᠎ᠡ ᠲᠤᠭᠯᠠᠵᠤ᠂ ᠪᠢ ᠦᠰᠦᠷᠬᠦ ᠲᠠᠮᠢᠷ ᠲᠤ ᠲᠤᠩ ᠳᠤᠷᠠᠲᠠᠢ᠃︾ ᠭᠡᠵᠡᠢ᠃ | | ᠪᠡᠶ᠎ᠡ ᠶᠢᠨ ᠲᠠᠮᠢᠷ ᠨᠢ ᠵᠠᠯᠠᠭᠤ ᠨᠠᠰᠤ᠂ ᠴᠠᠭ ᠤᠨ ᠥᠩᠭᠡ ᠪᠠ ᠪᠦᠯᠬᠦᠮᠳᠡᠨ ᠬᠠᠮᠲᠤᠷᠠᠯᠴᠠᠬᠤ ᠡᠯᠧᠮᠧᠨ᠋ᠲ | ᠠᠭᠤᠯᠤᠭᠳᠠᠵᠤ᠂ ᠰᠤᠷᠤᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠂ ᠡᠨᠡ ᠬᠦ ᠬᠥᠳᠡᠯᠭᠡᠭᠡᠨ᠂ ᠤᠷᠠᠯᠢᠭ᠂ ᠵᠤᠭ᠎ᠠ | ᠴᠡᠩᠭᠡᠯ ᠢ ᠨᠢᠭᠡ ᠴᠣᠭᠴᠠᠵᠢᠭᠤᠯᠤᠭᠰᠠᠨ ᠲᠠᠮᠢᠷ ᠤᠨ ᠬᠥᠳᠡᠯᠭᠡᠭᠡᠨ ᠨᠢ ᠰᠤᠷᠤᠭᠴᠢᠳ ᠤᠨ ᠪᠡᠶ᠎ᠡ ᠮᠠᠬᠠᠪᠣᠳ ᠢ | ᠪᠣᠯᠪᠠᠰᠤᠷᠠᠭᠤᠯᠬᠤ ᠮᠥᠷᠲᠡᠭᠡᠨ ᠪᠠᠰᠠ ᠲᠡᠳᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠢᠳᠠᠯ ᠪᠠ | ᠪᠦᠯᠬᠦᠮ ᠤᠨ ᠬᠠᠮᠵᠢᠯᠴᠠᠬᠤ ᠴᠢᠳᠠᠪᠤᠷᠢ ᠶᠢ ᠬᠥᠮᠦᠵᠢᠭᠦᠯᠵᠦ ᠴᠢᠳᠠᠨ᠎ᠠ᠃ | ︽ᠪᠢ ᠪᠡᠶ᠎ᠡ ᠶᠢᠨ ᠲᠠᠮᠢᠷ ᠢ ᠰᠤᠷᠤᠭᠠᠳ ᠨᠢᠭᠡ ᠬᠡᠰᠡᠭ ᠬᠤᠭᠤᠴᠠᠭ᠎ᠠ ᠪᠣᠯᠵᠠᠢ᠂ ᠠᠳᠡ ᠪᠢ ᠮᠠᠰᠢ ᠤᠯᠠᠨ | ᠮᠡᠳᠡᠯᠭᠡ ᠰᠤᠷᠴᠤ᠂ ᠪᠠᠰᠠ ᠮᠠᠰᠢ ᠤᠯᠠᠨ ᠰᠠᠶᠢᠨ ᠨᠠᠶᠢᠵᠠ ᠲᠠᠢ ᠪᠣᠯᠵᠠᠢ᠂ ᠪᠢ ᠪᠠᠰᠠ ᠦᠰᠦᠷᠴᠦ ᠪᠣᠯᠪᠠᠰᠤᠷᠠᠬᠤ | ᠳᠤᠷᠠᠲᠠᠢ᠃︾ ᠭᠡᠵᠦ ᠰᠤᠷᠤᠭᠴᠢ ᠸᠠᠩ ᠱᠦᠸᠧ ᠬᠠᠨ ᠬᠡᠯᠡᠪᠡ᠃ | ᠳᠠᠭᠤᠤ ᠬᠥᠭᠵᠢᠮ ︽ᠳᠤᠮᠳᠠᠳᠤ ᠤᠯᠤᠰ ᠤᠨ ᠡᠷᠳᠡᠮ︾ ᠳᠤ᠂ ᠰᠤᠷᠤᠭᠴᠢᠳ ᠭᠠᠷ ᠲᠠᠭᠠᠨ ᠨᠡᠷᠡᠭᠦᠶ ᠳᠡᠪᠢᠭᠦᠷ | ᠪᠠᠷᠢᠵᠤ᠂ ᠪᠡᠶ᠎ᠡ ᠨᠢ ᠬᠥᠩᠭᠡᠨ ᠱᠠᠯᠠᠮᠠᠭᠠᠶ᠂ ᠬᠥᠳᠡᠯᠦᠯ ᠪᠠᠷᠢᠯ ᠨᠢ ᠬᠠᠯᠭᠢᠯᠠᠨ ᠴᠠᠯᠭᠢᠯᠠᠨ ᠤᠷᠤᠰᠴᠤ᠂ ᠨᠢᠭᠡ ᠨᠢᠭᠡ | ᠰᠤᠯᠠᠬᠠᠨ ᠢᠶᠠᠷ ᠭᠤᠸ᠎ᠠ ᠰᠠᠶᠢᠬᠠᠨ ᠢ ᠨᠢ ᠢᠯᠡᠷᠡᠭᠦᠯᠵᠦ᠂ ᠳᠡᠪᠢᠭᠦᠷ ᠢ ᠨᠡᠭᠡᠭᠡᠵᠦ ᠬᠠᠭᠠᠬᠤ ᠶᠢᠨ ᠲᠤᠮᠳᠠ ᠬᠦᠴᠦᠲᠡᠢ | ᠪᠠᠶᠢᠵᠦ᠂ ᠬᠥᠯ ᠤᠨ ᠬᠥᠳᠡᠯᠦᠯ ᠲᠠᠢ ᠪᠠᠨ ᠵᠣᠬᠢᠴᠠᠭᠤᠯᠵᠤ᠂ ᠲᠡᠷᠢ ᠲᠡᠭᠰᠢ ᠵᠢᠭᠳᠡᠯᠡᠭᠰᠡᠨ ᠡᠩᠨᠡᠭᠡ ᠨᠢ ᠰᠤᠷᠭᠠᠭᠤᠯᠢ | ᠶᠢᠨ ᠬᠦᠷᠢᠶᠡᠨ ᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ | | ︽ᠨᠡᠷᠡᠭᠦᠢ ᠲᠡᠪᠢᠭᠦᠷ ᠭᠡᠳᠡᠭ ᠡᠨᠡ ᠬᠦ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠬᠡᠯᠪᠡᠷᠢ ᠨᠢ ᠪᠢᠳᠡᠨ ᠤ ᠪᠡᠶ᠎ᠡ | ᠮᠠᠬᠠᠪᠣᠳ ᠤᠨ ᠠᠮᠢᠳᠤᠯᠢᠭ ᠴᠢᠨᠠᠷ ᠪᠣᠯᠤᠨ ᠵᠣᠬᠢᠴᠠᠩᠭᠤᠢ ᠴᠢᠨᠠᠷ ᠢ ᠪᠣᠯᠪᠠᠰᠤᠷᠠᠭᠤᠯᠬᠤ ᠪᠠᠷ ᠪᠠᠷᠠᠬᠤ ᠦᠭᠡᠢ᠂ ᠪᠠᠰᠠ | ᠤᠯᠠᠮᠵᠢᠯᠠᠯᠲᠤ ᠰᠣᠶᠣᠯ ᠤᠨ ᠤᠬᠢ ᠰᠣᠳᠣ ᠶᠢ ᠠᠭᠤᠯᠵᠤ ᠪᠠᠶᠢᠳᠠᠭ᠂ ᠪᠢᠳᠡᠨ ᠳᠤ ᠳᠤᠮᠳᠠᠳᠤ ᠶᠢᠨ ᠤᠯᠠᠮᠵᠢᠯᠠᠯᠲᠤ | ᠰᠣᠶᠣᠯ ᠤᠨ ᠥᠪᠡᠷᠮᠢᠴᠡ ᠷᠢᠳᠢ ᠰᠢᠳᠢ ᠶᠢ ᠰᠢᠭᠤᠳ ᠮᠡᠳᠡᠷᠡᠭᠦᠯᠵᠦ᠂ ᠪᠢ ᠨᠡᠷᠡᠭᠦᠢ ᠲᠡᠪᠢᠭᠦᠷ ᠳᠤ ᠮᠠᠰᠢ ᠳᠤᠷᠠᠲᠠᠢ᠃ | ︾ ᠭᠡᠵᠦ ᠰᠤᠷᠤᠭᠴᠢ ᠯᠢᠦ ᠽᠢ ᠰᠢᠤᠸᠠᠨ ᠬᠡᠯᠡᠪᠡ᠃ | ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠳᠤ᠂ ᠰᠤᠷᠤᠭᠴᠢᠳ ᠪᠡᠶ᠎ᠡ ᠪᠠᠨ ᠪᠣᠯᠪᠠᠰᠤᠷᠠᠭᠤᠯᠤᠭᠰᠠᠨ | ᠢᠶᠠᠷ ᠪᠠᠷᠠᠬᠤ ᠦᠭᠡᠢ᠂ ᠪᠠᠰᠠ ᠲᠣᠭᠯᠠᠭᠠᠮ ᠤᠨ ᠳᠤᠮᠳᠠ ᠮᠡᠳᠡᠯᠭᠡ ᠪᠠ ᠦᠰᠦᠨ ᠪᠣᠶᠢᠵᠢᠯᠲᠠ ᠲᠠᠢ ᠪᠣᠯᠵᠠᠶ᠃ | ᠰᠤᠷᠭᠠᠭᠤᠯᠢ ᠰᠤᠷᠤᠭᠴᠢᠳ ᠤᠨ ᠳᠤᠷ᠎ᠠ ᠰᠣᠨᠢᠷᠬᠠᠯ ᠪᠠ ᠰᠤᠷᠭᠠᠭᠤᠯᠢ ᠶᠢᠨ ᠲᠠᠯᠠᠪᠤᠷ ᠲᠠᠬᠢ ᠪᠠᠭᠠᠵᠢ ᠬᠡᠷᠡᠭᠰᠡᠯ ᠤᠨ | ᠨᠥᠬᠦᠴᠡᠯ ᠢ ᠭᠦᠶᠴᠡᠳ ᠪᠣᠳᠣᠯᠬᠢᠯᠠᠵᠤ᠂ ᠠᠭᠤᠯᠭ᠎ᠠ ᠪᠠᠷ ᠪᠠᠶᠠᠯᠢᠭ ᠣᠯᠠᠨ ᠶᠠᠩᠵᠤ ᠶᠢᠨ ᠭᠠᠵᠠᠷ ᠳᠡᠭᠡᠷᠡᠬᠢ | ᠲᠣᠭᠯᠠᠭᠠᠮ ᠢ ᠨᠠᠷᠢᠨ ᠨᠢᠮᠪᠠᠶ ᠲᠥᠯᠥᠪᠯᠡᠨ ᠭᠠᠷᠭᠠᠵᠠᠶ᠂ ᠡᠲᠡᠭᠡᠷ ᠲᠣᠭᠯᠠᠭᠠᠮ ᠨᠢ ᠰᠤᠷᠤᠭᠴᠢᠳ ᠤᠨ ᠬᠠᠮᠤᠭ ᠤᠨ | ᠳᠤᠷᠠᠲᠠᠶ ᠵᠦᠶᠯ ᠪᠣᠯᠵᠣ᠂ ᠪᠠᠭᠰᠢ ᠪᠠ ᠰᠤᠷᠤᠭᠴᠢᠳ ᠬᠠᠮᠲᠤ ᠪᠠᠷ ᠣᠷᠣᠯᠴᠠᠨ᠂ ᠬᠠᠯᠠᠭᠤᠨ ᠳᠤᠯᠠᠭᠠᠨ᠂ ᠠᠮᠢᠵᠢᠷᠠᠯ | ᠤᠨ ᠬᠦᠴᠦᠨ ᠢᠶᠠᠷ ᠪᠢᠯᠬᠠᠮ᠎ᠠ ᠬᠢᠴᠢᠶᠡᠯ ᠤᠨ ᠵᠠᠪᠰᠠᠷ ᠤᠨ ᠠᠭᠤᠷ ᠠᠮᠢᠰᠬᠤᠯ ᠢ ᠪᠣᠶ ᠪᠣᠯᠭᠠᠵᠠᠶ᠃ | | ︽ᠰᠤᠷᠭᠠᠭᠤᠯᠢ ᠠᠴᠠ ᠲᠥᠷᠥᠯ ᠵᠦᠶᠯ᠂ ᠴᠠᠭ᠂ ᠣᠷᠣᠨ ᠵᠠᠶ᠂ ᠬᠡᠯᠪᠡᠷᠢ᠂ ᠠᠭᠤᠯᠭ᠎ᠠ ᠶᠢᠨ ᠲᠠᠯ᠎ᠠ ᠪᠠᠷ ᠴᠣ | ᠰᠢᠨ᠎ᠡ ᠵᠣᠬᠢᠶᠠᠨ ᠪᠦᠲᠦᠭᠡᠯᠭᠡ ᠬᠢᠵᠦ᠂ ᠪᠡᠶ᠎ᠡ ᠪᠠᠨ ᠴᠢᠭᠢᠷᠠᠭᠵᠢᠭᠤᠯᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ | ᠶᠣᠰᠣ ᠰᠤᠷᠲᠠᠬᠤᠨ ᠢ ᠬᠥᠮᠦᠵᠢᠭᠦᠯᠦᠨ ᠣᠶᠤᠨ ᠤᠬᠠᠭᠠᠨ ᠢᠶᠠᠨ ᠰᠡᠩᠬᠡᠷᠡᠭᠦᠯᠬᠦ ᠵᠣᠷᠢᠯᠭ᠎ᠠ ᠳᠤ ᠬᠥᠷᠬᠦ ᠪᠠᠷ ᠵᠣᠷᠢᠯᠭ᠎ᠠ | ᠪᠠᠨ ᠪᠣᠯᠭᠠᠵᠠᠶ᠃ ᠲᠠᠷᠠᠭᠠᠴᠢ ᠶᠢᠨ ᠠᠯᠬᠤᠮ ᠳᠤ᠂ ᠰᠤᠷᠭᠠᠭᠤᠯᠢ ᠠᠴᠠ ᠬᠢᠴᠢᠶᠡᠯ ᠤᠨ ᠶᠡᠭᠡ ᠵᠠᠪᠰᠠᠷ ᠤᠨ ᠠᠵᠢᠯᠯᠠᠭ᠎ᠠ | ᠶᠢᠨ ᠠᠭᠤᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠩ ᠣᠯᠠᠨ ᠪᠠᠭᠠᠵᠢ ᠲᠥᠬᠦᠭᠡᠷᠦᠮᠵᠢ ᠨᠡᠮᠡᠵᠦ᠂ ᠬᠢᠴᠢᠶᠡᠯ | ᠤᠨ ᠶᠡᠭᠡ ᠵᠠᠪᠰᠠᠷ ᠤᠨ ᠠᠵᠢᠯᠯᠠᠭ᠎ᠠ ᠶᠢ ᠲᠣᠰ ᠰᠤᠷᠭᠠᠭᠤᠯᠢ ᠶᠢᠨ ᠢᠶᠠᠨ ᠣᠨᠴᠠᠯᠢᠭ ᠲᠠᠢ ᠨᠠᠷᠠᠲᠤ ᠲᠡᠮᠳᠡᠭ ᠪᠣᠯᠭᠠᠵᠤ᠂ | ᠪᠠᠭᠰᠢ ᠰᠤᠷᠤᠭᠴᠢᠳ ᠤᠨ ᠬᠢᠴᠢᠶᠡᠯ ᠤᠨ ᠵᠠᠪᠰᠠᠷ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ | ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠨᠠᠩ ᠣᠯᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃︾ | ᠭᠡᠵᠦ ᠭᠦᠩ ᠨᠦᠩ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠳᠤᠯᠬᠤ ᠳᠤᠭᠤᠶᠢᠯᠠᠩ ᠤᠨ | ᠳᠠᠷᠤᠭ᠎ᠠ ᠹᠠᠨ ᠺᠠᠶ ᠬᠡᠯᠡᠪᠡ᠃ |