3 ᠳ᠋ᠤᠭᠠᠷ ᠰᠠᠷ᠎ᠠ ᠶᠢᠨ 29 ᠤ ᠡᠳᠦᠷ᠂ ᠠᠩᠬᠠᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠵᠢᠭᠤᠯᠴᠢᠯᠠᠯ ᠢ | ᠠᠭᠤᠰᠤᠯᠴᠠᠭᠤᠯᠬᠤ ᠬᠤᠨᠳᠠᠭᠠᠲᠤ︾ ᠥᠲᠥᠨ ᠪᠥᠮᠪᠦᠭᠡ ᠶᠢᠨ ᠬᠢᠩᠭᠠᠨ ᠠᠶᠢᠮᠠᠭ ᠤᠨ ᠰᠤᠳᠤᠴᠤᠤᠯ ᠤᠨ ᠤᠷᠢᠯᠭ᠎ᠠ | ᠶᠢᠨ ᠤᠷᠤᠯᠳᠤᠭᠠᠨ ᠲᠦᠴᠢᠦᠸᠠᠨ ᠰᠢᠶᠠᠨ ᠳᠤ ᠵᠢᠩᠬᠢᠨᠢ ᠪᠠᠷ ᠡᠬᠢᠯᠡᠪᠡ᠃ ᠪᠦᠬᠦ ᠠᠶᠢᠮᠠᠭ ᠤᠨ ᠡᠯ᠎ᠡ ᠬᠤᠰᠢᠭᠤ | ᠰᠢᠶᠠᠨ ᠤ 20 ᠪᠥᠮᠪᠥᠭᠡᠨ ᠠᠩᠭᠢ᠂ 140 ᠭᠠᠷᠤᠶ ᠬᠥᠮᠦᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ | | | | | | | ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠲᠠᠮᠢᠷᠴᠢᠳ ᠬᠤᠷᠴᠠ ᠰᠣᠷᠭᠤᠭ ᠲᠠᠮᠢᠷ ᠤᠨ ᠬᠤᠪᠴᠠᠰᠤ | ᠡᠮᠦᠰᠴᠦ᠂ ᠪᠥᠮᠪᠥᠭᠡᠨ ᠫᠠᠶᠢᠰᠠ ᠠᠳᠬᠤᠵᠤ᠂ ᠥᠳᠥᠨ ᠪᠥᠮᠪᠦᠭᠡ ᠬᠡᠢ ᠳᠡᠭᠡᠷ᠎ᠡ ᠨᠢᠭᠡᠨ ᠭᠤᠶᠤ ᠰᠠᠢᠬᠠᠨ ᠨᠤᠮᠤ ᠶᠢᠨ | ᠱᠤᠭᠤᠮ ᠰᠡᠯᠢᠵᠦ᠂ ᠴᠡᠭᠡᠯᠬᠡᠨ ᠪᠥᠮᠪᠦᠭᠡ ᠴᠣᠬᠢᠬᠤ ᠳᠠᠭᠤᠨ ᠢ ᠳᠠᠭᠠᠯᠳᠤᠨ᠂ ᠲᠠᠮᠢᠷᠴᠢᠳ ᠠᠮᠢᠳᠤᠯᠢᠭ ᠢᠶᠠᠷ ᠲᠠᠯᠠᠪᠠᠢ | ᠳᠡᠭᠡᠷ᠎ᠡ ᠭᠦᠶᠦᠵᠦ᠂ ᠵᠠᠷᠢᠮ ᠳᠠᠭᠠᠨ ᠫᠠᠶᠢᠰᠠ ᠬᠤᠷᠤᠶᠢᠯᠠᠨ ᠬᠦᠴᠦᠲᠡᠶ ᠴᠣᠬᠢᠵᠤ᠂ ᠵᠠᠷᠢᠮ ᠳᠠᠭᠠᠨ ᠬᠥᠩᠭᠡᠨ | ᠪᠥᠮᠪᠦᠭᠡ ᠳᠠᠮᠨᠠᠨ᠎ᠠ᠃ ᠤᠳᠠᠭᠠᠨ ᠳᠠᠭᠠᠷᠢᠯᠲᠠ ᠬᠢᠵᠦ ᠳᠡᠢᠯᠬᠦ ᠦᠭᠡᠢ ᠦᠶ᠎ᠡ ᠳᠤ᠂ ᠤᠷᠤᠯᠳᠤᠬᠤ ᠠᠷᠭ᠎ᠠ ᠮᠠᠶ᠋ᠢᠭ | ᠢᠶᠠᠨ ᠦᠳᠲᠡᠷ ᠲᠦᠷᠭᠡᠨ ᠲᠣᠬᠢᠷᠠᠭᠤᠯᠵᠤ ᠳᠠᠭᠠᠷᠢᠯᠲᠠ ᠠᠴᠠ ᠰᠠᠬᠢᠬᠤ ᠪᠣᠯᠭᠠᠨ ᠬᠤᠪᠢᠷᠠᠭᠤᠯᠵᠤ᠂ ᠰᠢᠯᠤᠭᠤᠨ | ᠱᠤᠭᠤᠮ ᠢᠶᠠᠷ ᠤᠬᠤᠷᠢᠵᠤ᠂ ᠤᠷᠠᠨ ᠳᠡᠮᠲᠡᠢ ᠪᠠᠷ ᠣᠷᠣ ᠪᠠᠨ ᠨᠥᠬᠦᠵᠦ᠂ ᠬᠤᠶᠠᠷ ᠲᠠᠯ᠎ᠠ ᠶᠢᠨ ᠠᠩᠭᠢ ᠶᠢᠨ | ᠭᠡᠰᠢᠭᠦᠳ ᠬᠤᠭᠤᠷᠣᠨᠳᠣ ᠪᠠᠨ ᠰᠢᠷᠦᠭᠦᠨ ᠢᠶᠠᠷ ᠤᠷᠤᠯᠳᠤᠵᠤ᠂ ᠲᠦᠢᠯ ᠤᠨ ᠬᠤᠷᠴᠠ ᠰᠢᠷᠦᠭᠦᠨ ᠪᠠᠶᠢᠯ᠎ᠠ᠃ | | ︽ᠪᠢ ᠨᠢᠭᠡᠨᠲᠡ ᠥᠳᠥᠨ ᠪᠥᠮᠪᠦᠭᠡ ᠨᠠᠭᠠᠳᠤᠭᠠᠳ 10 ᠭᠠᠷᠤᠶ ᠵᠢᠯ ᠪᠣᠯᠵᠠᠶ᠂ ᠡᠨᠡ ᠤᠳᠠᠭᠠᠨ ᠤ | ᠤᠷᠤᠯᠳᠤᠭᠠᠨ ᠡᠯ᠎ᠡ ᠬᠤᠰᠢᠭᠤ ᠰᠢᠶᠠᠨ ᠬᠤᠲᠠ ᠶᠢᠨ ᠪᠥᠮᠪᠥᠭᠡᠨ ᠨᠠᠶᠢᠵᠠ ᠨᠠᠷ ᠤᠨ ᠠᠩᠬᠠᠷᠤᠯ ᠢ ᠲᠠᠲᠠᠪᠠ᠂ ᠡᠨᠡ | ᠤᠳᠠᠭᠠᠨ ᠤ ᠠᠵᠢᠯᠯᠠᠭ᠎ᠠ ᠳᠤ ᠪᠢᠳᠡ ᠥᠪᠡᠷ ᠤᠨ ᠴᠤᠭ ᠵᠢᠪᠬᠤᠭ᠎ᠠ ᠪᠠᠨ ᠢᠯᠡᠷᠡᠭᠦᠯᠦᠭᠰᠡᠨ ᠮᠥᠷᠲᠡᠭᠡᠨ ᠪᠠᠰᠠ ᠮᠠᠰᠢ | ᠣᠯᠠᠨ ᠪᠥᠮᠪᠥᠭᠡᠨ ᠨᠠᠶᠢᠵᠠ ᠨᠠᠷ ᠲᠠᠢ ᠲᠠᠨᠢᠯᠴᠠᠵᠤ᠂ ᠮᠠᠰᠢ ᠪᠠᠶᠠᠷᠲᠠᠶ ᠪᠠᠶᠢᠨ᠎ᠠ᠃︾ ᠭᠡᠵᠦ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠲᠥᠯᠥᠭᠡᠯᠡᠭᠴᠢᠳ ᠤᠨ ᠠᠩᠭᠢ ᠶᠢᠨ ᠨᠢᠭᠡᠳᠦᠭᠡᠷ ᠠᠩᠭᠢ ᠶᠢᠨ ᠲᠠᠮᠢᠷᠴᠢᠨ ᠸᠠᠩ | ᠸᠧᠶ ᠴᠢ ᠬᠡᠯᠡᠪᠡ᠃ | | ᠲᠤᠰ ᠤᠳᠠᠭᠠᠨ ᠤ ᠤᠷᠤᠯᠳᠤᠭᠠᠨ ᠳᠤ ︽ᠲᠠᠪᠤᠨ ᠪᠦᠯᠬᠦᠮ ᠬᠤᠪᠢᠶᠠᠨ ᠤᠷᠤᠯᠳᠤᠬᠤ︾ ᠥᠳᠥᠨ ᠪᠥᠮᠪᠦᠭᠡ | ᠶᠢᠨ ᠤᠷᠤᠯᠳᠤᠭᠠᠨ ᠤ ᠳᠦᠷᠢᠮ ᠢ ᠬᠡᠷᠡᠭᠯᠡᠵᠦ᠂ ᠡᠰᠡᠷᠭᠦᠴᠡᠯᠳᠦᠬᠦ ᠴᠢᠨᠠᠷ ᠢ ᠪᠠᠲᠤᠯᠠᠬᠤ ᠶᠢᠨ ᠬᠠᠮᠲᠤ ᠰᠣᠨᠢᠷᠬᠠᠯᠲᠤ | ᠴᠢᠨᠠᠷ ᠢ ᠨᠡᠮᠡᠭᠳᠡᠭᠦᠯᠪᠡ᠃ ︽ᠲᠠᠪᠤᠨ ᠪᠦᠯᠬᠦᠮ ᠬᠤᠪᠢᠶᠠᠨ ᠤᠷᠤᠯᠳᠤᠬᠤ︾ ᠤᠨ ᠬᠠᠮᠤᠭ ᠶᠡᠭᠡ ᠬᠢᠯᠠᠰ ᠴᠡᠭ ᠤᠨ | ᠨᠢᠭᠡ ᠨᠢ ᠪᠣᠯ ︽ᠲᠢᠶᠠᠨ ᠵᠢᠶ ᠮᠣᠷᠢ ᠤᠷᠤᠯᠳᠤᠬᠤ︾ ᠤᠷᠤᠯᠳᠤᠭᠠᠨ ᠤ ᠳᠦᠷᠢᠮ ᠪᠣᠯᠤᠨ᠎ᠠ᠂ 5 ᠬᠥᠮᠦᠨ ᠤ | ᠪᠦᠯᠬᠦᠮ ᠤᠨ ᠬᠡᠯᠪᠡᠷᠢ ᠪᠠᠷ ᠤᠷᠤᠯᠳᠤᠭᠠᠨ ᠳᠤ ᠣᠷᠣᠯᠴᠠᠵᠤ ᠬᠤᠣᠰᠯᠠᠨ ᠴᠣᠬᠢᠬᠤ ᠬᠠᠮᠵᠢᠯᠴᠠᠭ᠎ᠠ ᠬᠢᠵᠦ᠂ 5 | ᠬᠥᠮᠦᠨ ᠳᠡᠰ ᠳᠠᠷᠠᠭᠠᠯᠠᠨ 1 - 5 ᠳᠡᠰ ᠳᠠᠷᠠᠭᠠᠯᠠᠯ ᠢᠶᠠᠷ ᠬᠤᠶᠠᠷ ᠬᠥᠮᠦᠨ ᠬᠠᠮᠲᠤᠷᠠᠨ ᠲᠠᠯᠠᠪᠠᠢ ᠳᠤ ᠭᠠᠷᠴᠤ᠂ | ᠲᠠᠮᠢᠷᠴᠢᠳ ᠤᠨ ᠬᠤᠭᠤᠷᠣᠨᠳᠣᠬᠢ ᠲᠤᠬᠠᠶ ᠶᠢᠨ ᠲᠠᠯᠠᠪᠤᠷ ᠤᠨ ᠬᠠᠮᠵᠢᠯᠴᠠᠭ᠎ᠠ ᠶᠢ ᠰᠢᠯᠭᠠᠬᠤ ᠮᠥᠷᠲᠡᠭᠡᠨ ᠡᠯ᠎ᠡ ᠠᠩᠭᠢ | ᠶᠢᠨ ᠬᠤᠭᠤᠷᠣᠨᠳᠣᠬᠢ ᠵᠢᠭᠰᠠᠭᠠᠯ ᠢ ᠰᠢᠯᠭᠠᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠬᠤᠶᠠᠷ | ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠴᠦᠰ ᠲᠡᠭᠡᠨ ᠪᠦᠯᠬᠦᠮ ᠤᠨ ᠲᠡᠷᠢᠭᠦᠨ ᠳᠡᠳ᠋ ᠢ ᠲᠣᠭᠲᠠᠭᠠᠬᠤ | ᠪᠣᠯᠤᠨ᠎ᠠ᠃ | | ︽ᠪᠢ ᠲᠦᠴᠢᠦᠸᠠᠨ ᠰᠢᠶᠠᠨ ᠳᠤ ᠢᠷᠡᠵᠦ ᠤᠷᠤᠯᠳᠤᠭᠠᠨ ᠬᠢᠭᠡᠳ ᠨᠢᠭᠡᠨᠲᠡ ᠣᠯᠠᠨ ᠤᠳᠠᠭ᠎ᠠ ᠪᠣᠯᠵᠠᠶ᠂ | ᠤᠳᠠᠭ᠎ᠠ ᠪᠦᠷᠢ ᠶᠢᠨ ᠤᠷᠤᠯᠳᠤᠭᠠᠨ ᠳᠤ ᠪᠦᠷ ᠰᠢᠨ᠎ᠡ ᠥᠩᠭᠡᠷᠡᠯᠲᠡ ᠲᠠᠢ᠂ ᠰᠠᠶ᠋ᠢᠬᠠᠨ ᠲᠤᠷᠰᠢᠵᠤ ᠦᠵᠡᠵᠡᠶ᠂ | ᠲᠠᠯᠠᠪᠤᠷ ᠨᠢ ᠮᠠᠰᠢ ᠰᠠᠶᠢᠨ᠂ ᠥᠨᠥᠳᠦᠷ ᠮᠠᠰᠢ ᠰᠠᠶᠢᠨ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ᠂ ᠡᠨᠡ | ᠬᠡᠳᠦᠨ ᠵᠢᠯ ᠲᠦᠴᠢᠦᠸᠠᠨ ᠤ ᠵᠢᠭᠤᠯᠴᠢᠯᠠᠯ ᠤᠨ ᠦᠶᠯᠡᠰ ᠤᠨ ᠬᠥᠭᠵᠢᠯᠲᠡ ᠮᠠᠰᠢ ᠬᠠᠯᠠᠭᠤᠨ ᠪᠠᠶᠢᠨ᠎ᠠ᠂ ᠮᠥᠨ ᠴᠦ | ᠤᠷᠤᠯᠳᠤᠭᠠᠨ ᠳᠤ ᠢᠷᠡᠭᠰᠡᠨ ᠵᠠᠪᠰᠢᠶᠠᠨ ᠢ ᠳᠠᠯᠢᠮᠳᠠᠭᠤᠯᠤᠨ ᠲᠦᠴᠢᠦᠸᠠᠨ ᠤ ᠡᠷᠭᠢᠨ ᠲᠣᠭᠤᠷᠢᠨ ᠳᠤ ᠣᠴᠢᠵᠤ | ᠦᠵᠡᠬᠦ ᠶᠢ ᠬᠦᠰᠡᠵᠦ ᠪᠠᠶᠢᠨ᠎ᠠ᠃︾ ᠭᠡᠵᠦ ᠷᠠᠰᠢᠶᠠᠨ ᠤ ᠾᠧᠩ ᠤᠣ ᠲᠥᠯᠥᠭᠡᠯᠡᠭᠴᠢᠳ ᠤᠨ ᠠᠩᠭᠢ ᠶᠢᠨ | ᠲᠠᠮᠢᠷᠴᠢᠨ ᠼᠦᠢ ᡁᠢ ᠬᠡᠯᠡᠪᠡ᠃ | | ᠪᠥᠮᠪᠦᠭᠡ ᠪᠠᠷ ᠨᠠᠶᠢᠵᠠ ᠪᠣᠯᠤᠯᠴᠠᠬᠤ᠂ ᠲᠤᠰ ᠤᠳᠠᠭᠠᠨ ᠤ ᠤᠷᠤᠯᠳᠤᠭᠠᠨ ᠨᠢ ᠥᠳᠥᠨ ᠪᠥᠮᠪᠦᠭᠡ ᠶᠢᠨ | ᠪᠠᠭ᠋ᠠᠲᠠᠳ ᠤᠨ ᠬᠤᠭᠤᠷᠣᠨᠳᠣᠬᠢ ᠰᠣᠯᠢᠯᠴᠠᠭ᠎ᠠ ᠪᠠ ᠨᠥᠬᠦᠷᠯᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ | ᠤᠷᠤᠯᠳᠤᠭᠠᠨ ᠢᠶᠠᠷ ᠳᠠᠮᠵᠢᠭᠤᠯᠤᠨ ᠨᠠᠩ ᠣᠯᠠᠨ ᠬᠥᠮᠦᠰ ᠢ ᠲᠦᠴᠢᠦᠸᠠᠨ ᠰᠢᠶᠠᠨ ᠳᠤ ᠲᠠᠲᠠᠨ ᠣᠷᠣᠭᠤᠯᠵᠤ᠂ | ᠪᠠᠶᠢᠭᠠᠯᠢ ᠶᠢᠨ ᠥᠩᠭᠡ ᠦᠵᠡᠮᠵᠢ ᠪᠠ ᠬᠥᠮᠦᠨ ᠰᠣᠶᠣᠯ ᠤᠨ ᠵᠠᠩ ᠠᠭᠠᠯᠢ ᠶᠢ ᠣᠶᠢᠯᠠᠭᠠᠵᠤ᠂ ᠲᠤᠰ ᠭᠠᠵᠠᠷ ᠤᠨ | ᠥᠪᠡᠷᠮᠢᠴᠡ ᠰᠣᠶᠣᠯ ᠤᠨ ᠠᠭᠤᠯᠤᠭᠳᠠᠬᠤᠨ ᠪᠠ ᠵᠢᠭᠤᠯᠴᠢᠯᠠᠯ ᠤᠨ ᠷᠢᠳᠢ ᠰᠢᠳᠢ ᠶᠢ ᠮᠡᠳᠡᠷᠡᠭᠦᠯᠪᠡ᠃ | |