ᠱᠦᠶ ᠴᠢᠤᠸᠠᠨ ᠪᠠᠯᠭᠠᠰᠤ ᠭᠠᠯ ᠰᠡᠷᠭᠡᠶᠢᠯᠡᠬᠦ ︽ᠬᠠᠷᠢᠭᠤᠴᠠᠯᠭ᠎ᠠ ᠶᠢᠨ ᠲᠣᠤᠷ︾ ᠢ ᠨᠢᠭᠲᠠ ᠰᠦᠯᠵᠢᠵᠦ᠂ ︽ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠵᠦ︾ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/3/4
   ᠣᠶ ᠰᠢᠭᠤᠶ ᠶᠢᠨ ᠭᠠᠯ ᠤᠨ ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠬᠠᠪᠤᠷ ᠤᠨ ᠤᠯᠠᠷᠢᠯ ᠤᠨ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠳᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠣᠯᠤᠨ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠱᠦᠢ ᠴᠢᠤᠸᠠᠨ ᠪᠠᠯᠭᠠᠰᠤ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠴᠤ᠂ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ  ᠤᠨ ᠠᠶᠤᠯ ᠭᠠᠷᠬᠤ ᠠᠴᠠ ᠡᠮᠦᠨ᠎ᠡ ᠰᠡᠷᠭᠡᠶᠢᠯᠡᠨ᠎ᠡ᠃
   ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ ︽ᠬᠠᠷᠢᠭᠤᠴᠠᠯᠭ᠎ᠠ  ᠶᠢᠨ ᠬᠠᠰᠢᠯᠭ᠎ᠠ︾ ᠶᠢ ᠪᠠᠲᠤ ᠪᠠᠬᠢ ᠪᠠᠶᠢᠭᠤᠯᠤᠨ᠎ᠠ    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠨᠠᠷᠢᠨ ᠭᠦᠶᠴᠡᠳ ᠲᠥᠰᠦᠯ ᠲᠣᠭᠲᠠᠭᠠᠵᠤ᠂ ᠪᠠᠯᠭᠠᠰᠤ ᠲᠣᠰᠬᠤᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠬᠠᠶ ᠰᠡᠳᠦᠪᠲᠦ ᠬᠤᠷᠠᠯ ᠢ 14 ᠤᠳᠠᠭ᠎ᠠ ᠬᠤᠷᠠᠯᠳᠤᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠬᠥᠮᠦᠨ ᠪᠠ ᠡᠭᠦᠷᠭᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮᠵᠢ ᠶᠢ ᠪᠠᠶᠢᠭᠤᠯᠤᠨ᠂ ᠮᠡᠳᠡᠭᠡ ᠵᠠᠩᠭᠢ ᠶᠢ ᠲᠦᠷᠭᠡᠨ ᠳᠠᠮᠵᠢᠭᠤᠯᠬᠤ᠂ ᠵᠠᠷᠯᠢᠭ ᠢ ᠴᠠᠭ ᠲᠤᠬᠠᠶ ᠳᠤᠨᠢ ᠪᠠᠭᠤᠯᠭᠠᠬᠤ᠂ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠬᠦ ᠶᠢ ᠦᠨᠡᠨᠬᠦ ᠪᠠᠲᠤᠯᠠᠪᠠ᠃
   ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠯ ᠢ ᠰᠡᠷᠭᠡᠶᠢᠯᠡᠬᠦ ︽ᠰᠡᠷᠡᠮᠵᠢ ᠶᠢᠨ ᠠᠶ᠎ᠠ︾ ᠶᠢ ᠬᠥᠭᠵᠢᠮᠳᠡᠪᠡ      ︽ᠰᠡᠷᠭᠡᠶᠢᠯᠡᠬᠦ ᠪᠠᠷ ᠭᠤᠣᠯ ᠪᠣᠯᠭᠠᠬᠤ᠂ ᠤᠷᠢᠳᠠᠪᠠᠷ ᠰᠤᠷᠭᠠᠨ ᠬᠥᠮᠦᠵᠢᠭᠦᠯᠬᠦ︾ ᠵᠠᠷᠴᠢᠮ ᠢ ᠪᠠᠷᠢᠮᠲᠠᠯᠠᠨ᠂ ᠣᠯᠠᠨ ᠵᠦᠢᠯ ᠤᠨ ᠠᠷᠭ᠎ᠠ ᠵᠠᠮ ᠪᠣᠯᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠨᠡᠭᠦᠳᠡᠯ ᠲᠠᠭᠤᠨ ᠬᠠᠶᠢᠷᠴᠠᠭ᠂ ᠲᠣᠮᠣ ᠯᠠᠪᠠᠷ᠂ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠣᠯᠠᠨ ᠵᠦᠶᠯ ᠤᠨ ᠬᠡᠯᠪᠡᠷᠢ ᠶᠢ ᠭᠦᠶᠴᠡᠳ ᠠᠰᠢᠭᠯᠠᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠬᠦ ᠲᠤᠭ ᠢ 200 ᠭᠠᠷᠤᠶ ᠡᠯᠭᠦᠨ᠂ ᠡᠯᠭᠦᠭᠰᠡᠨ ᠪᠢᠴᠢᠭᠡᠰᠦ 14 ᠵᠤᠷᠪᠤᠰ ᠪᠠᠶᠢᠵᠤ᠂ ᠭᠠᠯ ᠰᠡᠷᠭᠡᠶᠢᠯᠡᠬᠦ ᠤᠬᠠᠭᠤᠯᠭ᠎ᠠ  ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠨ᠂ ᠰᠠᠨᠠᠭᠠᠴᠢᠯᠠᠭ᠎ᠠ ᠶᠢᠨ ᠪᠢᠴᠢᠭ ᠢ 100 ᠭᠠᠷᠤᠶ ᠤᠳᠠᠭ᠎ᠠ ᠰᠦᠯᠵᠢᠶᠡᠨ ᠳᠡᠭᠡᠷ᠎ᠡ ᠤᠯᠠᠮᠵᠢᠯᠠᠨ ᠲᠠᠷᠬᠠᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠠᠶᠢᠯ ᠡᠷᠦᠬᠡ ᠳᠤ ᠣᠷᠣᠭᠤᠯᠬᠤ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ᠂ ᠡᠷᠦᠬᠡ ᠪᠣᠯᠭᠠᠨ ᠳᠤ ᠮᠡᠳᠡᠭᠦᠯᠬᠦ ᠶᠢ ᠪᠡᠶᠡᠯᠡᠭᠦᠯᠵᠦ᠂ ᠪᠥᠬᠦ ᠠᠷᠠᠳ ᠤᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠦᠵᠡᠯ ᠤᠬᠠᠮᠰᠠᠷ ᠢ ᠦᠨᠡᠨ ᠬᠦ ᠴᠢᠩᠭᠠᠳᠬᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃    ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠭᠠᠯ ᠰᠡᠷᠭᠡᠶᠢᠯᠡᠬᠦ ︽ᠵᠢᠭᠰᠠᠭᠠᠨ ᠪᠠᠶᠢᠴᠠᠭᠠᠬᠤ ᠲᠣᠣᠷ︾ ᠢ ᠰᠦᠯᠵᠢᠨ᠎ᠡ    ᠡᠯ᠎ᠡ ᠲᠣᠰᠬᠤᠨ ᠤ ᠣᠶ ᠰᠢᠭᠤᠶ ᠬᠠᠮᠠᠭᠠᠯᠠᠭᠴᠢ᠂ ᠲᠣᠤᠷᠵᠢᠯ ᠤᠨ ᠠᠵᠢᠯᠲᠠᠨ ᠪᠣᠯᠤᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ︽ᠪᠦᠬᠦᠨ ᠢ ᠬᠠᠮᠤᠷᠤᠭᠤᠯᠵᠤ᠂ ᠥᠨᠴᠥᠭ ᠪᠤᠯᠤᠩ ᠦᠯᠡᠳᠡᠭᠡᠯ ᠥᠬᠡᠶ︾ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠵᠤ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠣᠷᠣᠨ ᠪᠦᠰᠡ  ᠳᠤ ᠬᠥᠮᠦᠨ ᠳᠣᠭᠢᠷᠠᠭᠤᠯᠤᠨ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠴᠢᠩᠭ᠎ᠠ ᠬᠠᠮᠢᠶᠠᠷᠤᠨ ᠨᠠᠷᠢᠯᠢᠭ ᠡᠵᠡᠮᠳᠡᠵᠦ᠂ ᠭᠠᠯ ᠢ ᠴᠢᠩᠭ᠎ᠠ ᠰᠡᠷᠭᠡᠶᠢᠯᠡᠨ᠎ᠡ᠃ ᠡᠭᠦᠨ ᠤ ᠬᠠᠮᠲᠤ᠂ ᠡᠯ᠎ᠡ ᠲᠣᠰᠬᠤᠨ ᠤ ᠴᠡᠪᠡᠷᠯᠡᠭᠴᠢ ᠶᠢ ᠵᠣᠬᠢᠶᠠᠨ ᠪᠠᠶᠢᠭᠤᠯᠵᠤ ᠲᠣᠰᠬᠤᠨ ᠳᠠᠬᠢ ᠡᠷᠳᠡᠨᠢ ᠰᠢᠰᠢ ᠶᠢᠨ ᠡᠰᠢ ᠰᠦᠷᠡᠯ᠂ ᠲᠤᠲᠤᠷᠭ᠎ᠠ ᠶᠢᠨ ᠡᠪᠡᠰᠦ ᠵᠡᠷᠭᠡ ᠠᠮᠠᠷᠬᠠᠨ ᠰᠢᠲᠠᠬᠤ ᠪᠣᠳᠠᠰ ᠢ ᠪᠦᠬᠦ ᠲᠠᠯ᠎ᠠ ᠪᠠᠷ ᠴᠡᠪᠡᠷᠯᠡᠵᠦ᠂ ᠭᠠᠯ ᠤᠨ ᠭᠠᠮᠰᠢᠭ ᠤᠨ ᠭᠡᠮ ᠰᠣᠭᠤᠭ ᠢ ᠦᠨᠡᠨ ᠬᠦ ᠠᠷᠢᠯᠭᠠᠬᠤ ᠬᠡᠷᠡᠭᠲᠡᠢ᠃    ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠭᠠᠯ ᠰᠡᠷᠭᠡᠶᠢᠯᠡᠬᠦ ︽ᠪᠠᠴᠢᠮ ᠪᠠᠶᠢᠳᠠᠯ ᠢ ᠠᠷᠭᠠᠴᠠᠭᠠᠬᠤ ᠪᠠᠮᠪᠠᠢ︾ ᠶᠢ ᠳᠠᠪᠲᠠᠨ ᠪᠣᠯᠪᠠᠰᠤᠷᠠᠭᠤᠯᠤᠨ᠎ᠠ    ᠪᠠᠯᠭᠠᠰᠤ ᠲᠣᠰᠬᠤᠨ ᠤ ᠺᠠᠳ᠋ᠷ᠂ ᠣᠶ ᠰᠢᠭᠤᠶ ᠬᠠᠮᠠᠭᠠᠯᠠᠭᠴᠢ᠂ ᠡᠷᠦᠬᠡ ᠶᠢᠨ ᠴᠡᠷᠢᠭ ᠵᠡᠷᠭᠡ ᠬᠥᠮᠦᠰ ᠢᠶᠠᠷ ᠪᠦᠷᠢᠯᠳᠦᠭᠰᠡᠨ ᠣᠶ ᠰᠢᠭᠤᠶ ᠶᠢᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ᠴᠢᠬᠤᠯᠠ ᠪᠦᠬᠦᠢ ᠭᠠᠯ ᠤᠨᠲᠠᠷᠠᠭᠠᠬᠤ ᠲᠣᠨᠣᠭᠯᠠᠯ ᠪᠣᠯᠤᠨ ᠡᠳ᠋ ᠪᠠᠷᠠᠭ᠎ᠠ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢ ᠦᠨᠡᠨᠬᠦ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠭᠴᠢ ᠪᠠ ᠣᠶ ᠰᠢᠭᠤᠶ ᠬᠠᠮᠠᠭᠠᠯᠠᠬᠤ ᠠᠩᠭᠢ ᠶᠢᠨ ᠭᠡᠰᠢᠭᠦᠨ ᠭᠠᠷ ᠤᠲᠠᠰᠤ ᠪᠠᠨ 24 ᠴᠠᠭ ᠢᠶᠠᠷ ᠨᠡᠭᠡᠭᠡᠬᠦ ᠶᠢ ᠪᠠᠲᠤᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠵᠤ ᠪᠠᠭᠤᠯᠭᠠᠬᠤ ᠶᠢ ᠬᠢᠨᠠᠮᠠᠭᠠᠶ ᠰᠠᠶᠢᠲᠤᠷ ᠬᠢᠵᠦ᠂ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ᠂ ᠴᠠᠭ ᠲᠤᠬᠠᠶ ᠳᠤᠨᠢ ᠰᠢᠶᠳᠪᠦᠷᠢᠯᠡᠬᠦ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠶᠢᠭᠡᠮ ᠤᠨ ᠲᠣᠭᠲᠠᠭᠤᠨ ᠪᠠ ᠡᠶ᠎ᠡ ᠵᠣᠬᠢᠴᠠᠯ ᠲᠠᠢ ᠪᠠᠶᠢᠬᠤ ᠶᠢ ᠬᠠᠮᠠᠭᠠᠯᠠᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号