ᠶᠡᠭᠡ ᠴᠠᠰᠤ ᠣᠷᠣᠵᠤ ᠬᠡᠰᠡᠭ ᠭᠠᠵᠠᠷ ᠲᠤ ᠬᠢᠴᠢᠶᠡᠯ ᠵᠣᠭᠰᠣᠵᠤ᠂ ᠰᠦᠢᠳᠬᠡᠯ ᠬᠤᠷᠢᠶᠠᠬᠤ ᠥᠷᠲᠡᠭᠡ ᠪᠠᠨ ᠬᠠᠭᠠᠵᠠᠢ ᠁
ᠨᠡᠶᠢᠲᠡᠯᠡᠭᠰᠡᠨ ᠴᠠᠭ᠄
2025/3/4
   2 ᠤᠨ ᠡᠳᠦᠷ᠂ ᠱᠠᠨᠳᠦ᠋ᠩ ᠵᠡᠷᠭᠡ ᠭᠠᠵᠠᠷ ᠲᠤ ᠮᠡᠳᠡᠭᠳᠡᠮ᠎ᠡ ᠴᠠᠰᠤ ᠣᠷᠣᠵᠤ᠂ ᠤᠮᠠᠷᠠᠲᠤ ᠣᠷᠣᠨ᠂ ᠬᠠᠲᠤᠨ ᠭᠤᠣᠯ ᠬᠤᠸᠠᠶᠢᠾᠧ ᠭᠤᠣᠯ ᠵᠡᠷᠭᠡ ᠭᠠᠵᠠᠷ ᠤᠨ ᠬᠡᠰᠡᠭ ᠭᠠᠵᠠᠷ ᠲᠤ ᠶᠡᠭᠡ ᠰᠠᠯᠬᠢ ᠰᠠᠯᠬᠢᠯᠠᠨ ᠳᠤᠯᠠᠭᠠᠨ ᠤ ᠬᠡᠮᠵᠢᠶ᠎ᠡ ᠪᠠᠭᠤᠷᠠᠪᠠ᠃ 18 ᠴᠠᠭ ᠲᠤ ᠲᠥᠪ ᠤᠨ ᠴᠠᠭ ᠠᠭᠤᠷ ᠤᠨ ᠬᠤᠷᠢᠶ᠎ᠠ ᠦᠷᠭᠦᠯᠵᠢᠯᠡᠨ ᠬᠦᠢᠲᠡᠨ ᠤᠷᠤᠰᠬᠠᠯ ᠤᠨ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ᠂ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ᠂ ᠶᠡᠭᠡ ᠴᠠᠰᠤᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ᠂ ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠤᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠢ ᠨᠡᠶᠢᠲᠡᠯᠡᠪᠡ᠃    ᠬᠦᠢᠲᠡᠨ ᠤᠷᠤᠰᠬᠠᠯ ᠤᠨ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ᠄ ᠵᠢᠱᠢᠯᠲᠡ ᠪᠠᠷ 2 ᠤᠨ ᠡᠳᠦᠷ ᠤᠨ 20 ᠴᠠᠭ ᠠᠴᠠ 4 ᠤ ᠡᠳᠦᠷ ᠤᠨ 20 ᠴᠠᠭ ᠪᠣᠯᠲᠠᠯ᠎ᠠ᠂ ᠮᠠᠨ ᠤ ᠤᠯᠤᠰ ᠤᠨ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠭᠠᠵᠠᠷ ᠤᠨ ᠠᠭᠠᠷ ᠤᠨ ᠳᠤᠯᠠᠭᠠᠨ 6~10℃ ᠪᠠᠭᠤᠷᠠᠬᠤ ᠪᠣᠯᠣᠨ᠎ᠠ᠂ ᠡᠭᠦᠨ ᠳᠤ ᠬᠠᠲᠤᠨ ᠭᠤᠣᠯ ᠬᠤᠸᠠᠶᠢᠾᠧ ᠭᠤᠣᠯ ᠤᠨ ᠡᠮᠦᠨ᠎ᠡ ᠪᠡᠶ᠎ᠡ ᠵᠢᠴᠢ ᠲᠡᠭᠦᠨ ᠠᠴᠠ ᠡᠮᠦᠨᠡᠰᠢᠬᠢ ᠶᠡᠬᠡᠩᠬᠢ ᠭᠠᠵᠠᠷ ᠲᠤ 12~16℃ ᠪᠠᠭᠤᠷᠠᠵᠤ᠂ ᠬᠡᠰᠡᠭ ᠭᠠᠵᠠᠷ ‍ᠤᠨ‌‍ᠲ᠋ᠤᠯᠠᠭᠠᠨ ᠤ ᠬᠡᠮᠵᠢᠶ᠎ᠡ 18℃ ᠠᠴᠠ ᠳᠡᠭᠡᠭᠰᠢ ᠪᠠᠭᠤᠷᠠᠨ᠎ᠠ᠃    ᠶᠡᠭᠡ ᠴᠠᠰᠤᠨ ᠤ ᠰᠢᠷ᠎ᠠ ᠥᠩᠭᠡ ᠵᠢᠨ‌‍ᠰᠡᠷᠡᠮᠵᠢ ᠶᠢᠨ ᠳᠣᠬᠢᠶ᠎ᠠ᠄ ᠵᠢᠱᠢᠯᠲᠡ ᠪᠠᠷ 2 ᠤᠨ ᠡᠳᠦᠷ ᠤᠨ 20 ᠴᠠᠭ ᠠᠴᠠ 3 ᠰᠠᠷ᠎ᠠ ᠶᠢᠨ 3 ᠤ ᠡᠳᠦᠷ ᠤᠨ 20 ᠴᠠᠭ ᠪᠣᠯᠲᠠᠯ᠎ᠠ᠂ ᠥᠪᠥᠷ ᠮᠣᠩᠭᠤᠯ ᠤᠨ ᠪᠣᠷᠣᠳᠣᠬᠤᠢ ᠣᠷᠣᠨ᠂ ᠱᠠᠨᠰᠢ ᠶᠢᠨ ᠬᠤᠶᠢᠲᠤ ᠪᠡᠶ᠎ᠡ ᠪᠠ ᠵᠡᠭᠦᠨ ᠡᠮᠦᠨ᠎ᠡ ᠪᠡᠶ᠎ᠡ᠂ ᠾᠧᠨᠠᠨ ᠤ ᠳᠤᠮᠳᠠ ᠡᠮᠦᠨ᠎ᠡ ᠪᠡᠶ᠎ᠡ᠂ ᠠᠨᠾᠦ᠋ᠢ ᠶᠢᠨ ᠬᠤᠶᠢᠲᠤ ᠪᠡᠶ᠎ᠡ᠂ ᠬᠤᠪᠧᠢ ᠶᠢᠨ ᠪᠠᠷᠠᠭᠤᠨ ᠬᠤᠶᠢᠲᠤ ᠪᠡᠶ᠎ᠡ ᠵᠡᠷᠭᠡ ᠭᠠᠵᠠᠷ ᠤᠨ ᠬᠡᠰᠡᠭ ᠭᠠᠵᠠᠷ ᠲᠤ ᠶᠡᠭᠡ ᠴᠠᠰᠤ ᠣᠷᠣᠨ᠎ᠠ᠂ ᠡᠭᠦᠨ ᠳᠤ ᠱᠠᠨᠰᠢ ᠶᠢᠨ ᠵᠡᠭᠦᠨ ᠡᠮᠦᠨ᠎ᠡ ᠪᠡᠶ᠎ᠡ᠂ ᠾᠧᠨᠠᠨ ᠤ ᠡᠮᠦᠨ᠎ᠡ ᠪᠡᠶ᠎ᠡ ᠪᠠ ᠪᠠᠷᠠᠭᠤᠨ ᠪᠡᠶ᠎ᠡ᠂ ᠬᠤᠪᠧᠢ ᠶᠢᠨ ᠪᠠᠷᠠᠭᠤᠨ ᠬᠤᠶᠢᠲᠤ ᠪᠡᠶ᠎ᠡ ᠵᠡᠷᠭᠡ ᠭᠠᠵᠠᠷ ᠤᠨ ᠬᠡᠰᠡᠭ ᠭᠠᠵᠠᠷ ᠲᠤ ᠣᠨᠴᠠ ᠶᠡᠭᠡ ᠴᠠᠰᠤ ᠣᠷᠣᠨ᠎ᠠ᠃    ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ᠄ ᠵᠢᠱᠢᠯᠲᠡ ᠪᠠᠷ 2 ᠤᠨ ᠡᠳᠦᠷ ᠤᠨ 20 ᠴᠠᠭ ᠠᠴᠠ 3 ᠤ ᠡᠳᠦᠷ ᠤᠨ 20 ᠴᠠᠭ ᠪᠣᠯᠲᠠᠯ᠎ᠠ᠂ ᠬᠠᠲᠤᠨ ᠭᠤᠣᠯ ᠬᠤᠸᠠᠶᠢᠾ ᠭᠤᠣᠯ ᠤᠨ ᠵᠡᠭᠦᠨ ᠬᠤᠶᠢᠲᠤ ᠪᠡᠶ᠎ᠡ ᠪᠠ ᠪᠠᠷᠠᠭᠤᠨ ᠡᠮᠦᠨ᠎ᠡ ᠪᠡᠶ᠎ᠡ᠂ ᠵᠢᠶᠠᠩᠬᠠᠨ ᠵᠢᠴᠢ ᠲᠥᠪᠡᠳ ᠤᠨ ᠳᠤᠮᠳᠠ ᠬᠤᠶᠢᠲᠤ ᠪᠡᠶ᠎ᠡ᠂ ᠬᠥᠬᠡᠨᠠᠭᠤᠷ ᠤᠨ ᠡᠮᠦᠨ᠎ᠡ ᠪᠡᠶ᠎ᠡ᠂ ᠰᠢᠨᠵᠢᠶᠠᠩ ᠤᠨ ᠡᠮᠦᠨ᠎ᠡ ᠪᠡᠶ᠎ᠡ ᠵᠡᠷᠭᠡ ᠭᠠᠵᠠᠷ ᠲᠤ 5~6 ᠲᠠᠰ ᠤᠨ ᠰᠠᠯᠬᠢ ᠰᠠᠯᠬᠢᠯᠠᠵᠤ᠂ ᠬᠡᠰᠡᠭ ᠲᠤ ᠪᠠᠨ 7~8 ᠲᠠᠰ ᠤᠨ ᠰᠠᠯᠬᠢ ᠰᠠᠯᠬᠢᠯᠠᠨ᠎ᠠ᠃    ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠤᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ᠄ ᠵᠢᠱᠢᠯᠲᠡ ᠪᠠᠷ 2 ᠤᠨ ᠡᠳᠦᠷ ᠤᠨ 20 ᠴᠠᠭ ᠠᠴᠠ 3 ᠤ ᠡᠳᠦᠷ ᠤᠨ 20 ᠴᠠᠭ ᠪᠣᠯᠲᠠᠯ᠎ᠠ ᠭᠦᠢᠵᠧᠦ ᠶᠢᠨ ᠵᠡᠭᠦᠨ ᠪᠡᠶ᠎ᠡ᠂ ᠭᠤᠸᠠᠩᠰᠢ ᠶᠢᠨ ᠬᠤᠶᠢᠲᠤ ᠪᠡᠶ᠎ᠡ᠂ ᠬᠤᠨᠠᠨ ᠤ ᠬᠤᠶᠢᠲᠤ ᠪᠡᠶ᠎ᠡ᠂ ᠠᠨᠾᠦ᠋ᠢ ᠶᠢᠨ ᠡᠮᠦᠨ᠎ᠡ ᠪᠡᠶ᠎ᠡ᠂ ᠵᠢᠶᠠᠩᠰᠢ  ᠶᠢᠨ ᠳᠤᠮᠳᠠ ᠵᠡᠭᠦᠨ ᠪᠡᠶ᠎ᠡ᠂ ᠵᠧᠵᠢᠶᠠᠩ ᠤᠨ ᠪᠠᠷᠠᠭᠤᠨ ᠪᠡᠶ᠎ᠡ ᠵᠡᠷᠭᠡ ᠭᠠᠵᠠᠷ ᠤᠨ ᠬᠡᠰᠡᠭ ᠭᠠᠵᠠᠷ ᠲᠤ 8 ᠳᠡᠰ ᠠᠴᠠ ᠳᠡᠭᠡᠭᠰᠢ ᠶᠡᠭᠡ ᠰᠠᠯᠬᠢ ᠠᠶᠤᠩᠭᠠᠲᠤ ᠪᠣᠷᠣᠭᠠᠨ ᠪᠤᠶᠤ ᠮᠥᠨᠳᠥᠷ ᠲᠠᠢ᠂ ᠬᠡᠰᠡᠭ ᠭᠠᠵᠠᠷ ᠤᠨ ᠰᠠᠯᠬᠢᠨ ᠤ ᠬᠦᠴᠦ 10 ᠳᠡᠰ ᠲᠤ ᠬᠦᠷᠬᠦ ᠪᠣᠯᠣᠨ᠎ᠠ᠃    ᠴᠠᠭ ᠠᠭᠤᠷ ᠤᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠬᠦᠢᠲᠡᠨ ᠤᠷᠤᠰᠬᠠᠯ ᠤᠨ ᠶᠠᠪᠤᠴᠠ ᠪᠣᠯ ᠬᠠᠪᠤᠷ ᠤᠨ ᠤᠯᠠᠷᠢᠯ ᠤᠨ ᠨᠡᠶᠢᠲᠡᠯᠢᠭ ᠴᠢᠨᠠᠷᠲᠠᠢ ᠬᠦᠢᠲᠡᠨ ᠳᠤᠯᠠᠭᠠᠨ ᠤ ᠬᠡᠯᠪᠡᠯᠵᠡᠯ ᠮᠥᠨ᠂ ᠬᠡᠪ ᠤᠨ ᠪᠤᠰᠤ ᠪᠠᠶᠢᠳᠠᠯ ᠪᠢᠰᠢ ᠶᠤᠮ᠂ ᠤᠴᠢᠷ ᠨᠢ ᠡᠪᠦᠯ ᠬᠠᠪᠤᠷ ᠤᠨ ᠰᠣᠯᠢᠭᠳᠠᠯ ᠪᠣᠯ ᠬᠦᠢᠲᠡᠨ ᠳᠤᠯᠠᠭᠠᠨ ᠤ ᠰᠣᠯᠢᠭᠳᠠᠯ ᠬᠠᠮᠤᠭ ᠤᠨ ᠣᠯᠠᠨ ᠪᠠᠶᠢᠳᠠᠭ ᠴᠠᠭ ᠬᠤᠭᠤᠴᠠᠭ᠎ᠠ ᠮᠥᠨ᠂ ᠣᠶᠢᠷ᠎ᠠ ᠶᠢᠨ ᠬᠤᠭᠤᠴᠠᠭᠠᠨ ᠤ ᠳᠤᠯᠠᠭᠠᠷᠠᠯ ᠪᠠ ᠬᠦᠢᠲᠡᠨ ᠤᠷᠤᠰᠬᠠᠯ ᠤᠨ ᠶᠠᠪᠤᠴᠠ ᠪᠣᠯ ᠴᠥᠮ ᠬᠡᠪ ᠤᠨ ᠴᠠᠭ ᠠᠭᠤᠷ ᠤᠨ ᠦᠵᠡᠭᠳᠡᠯ ᠮᠥᠨ᠃    2 ᠤᠨ ᠡᠳᠦᠷ ᠤᠨ 14 ᠴᠠᠭ 30 ᠮᠢᠨᠦ᠋ᠲ ᠲᠤ ᠱᠠᠨᠳᠦ᠋ᠩ ᠮᠤᠵᠢ ᠶᠢᠨ ᠴᠠᠭ ᠠᠭᠤᠷ ᠤᠨ ᠲᠣᠪᠴᠢᠶ᠎ᠠ ᠶᠡᠭᠡ ᠴᠠᠰᠤᠨ ᠤ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠭᠰᠡᠨ ᠪᠥᠭᠡᠳ ᠵᠠᠮ ᠤᠨ ᠮᠥᠰᠥ ᠬᠥᠯᠳᠡᠬᠦ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠳᠡᠰ ᠳᠡᠪᠰᠢᠭᠦᠯᠵᠦ᠂ ᠵᠠᠮ ᠤᠨ ᠮᠥᠰᠥ ᠬᠥᠯᠳᠡᠬᠦ ᠤᠯᠠᠪᠤᠷ ᠥᠩᠭᠡ  ᠶᠢᠨ ᠰᠡᠷᠡᠮᠵᠢ ᠶᠢᠨ ᠳᠣᠬᠢᠶ᠎ᠠ ᠪᠣᠯᠭᠠᠵᠠᠢ᠃ ᠵᠢᠨᠠᠨ ᠬᠤᠲᠠ᠂ ᠪᠢᠨᠵᠸᠤ ᠬᠤᠲᠠ᠂ ᠽᠢᠪᠦ᠋ᠸᠧ ᠬᠤᠲᠠ ᠶᠢᠨ ᠬᠢᠨ ᠴᠠᠰᠤᠨ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠃    ᠵᠢᠨᠠᠨ ᠬᠤᠲᠠ ᠶᠢᠨ ᠴᠠᠭ ᠠᠭᠤᠷ ᠤᠨ ᠲᠣᠪᠴᠢᠶ᠎ᠠ 2 ᠤᠨ ᠡᠳᠦᠷ  ᠤᠨ 13 ᠴᠠᠭ 50 ᠮᠢᠨᠦ᠋ᠲ ᠲᠤ ᠶᠡᠭᠡ ᠴᠠᠰᠤᠨ ᠤ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠥᠭᠡᠷᠡᠴᠢᠯᠡᠨ ᠨᠡᠶᠢᠲᠡᠯᠡᠪᠡ᠄ ᠵᠢᠨᠠᠨ ᠬᠤᠲᠠ ᠶᠢᠨ ᠣᠯᠠᠨ ᠭᠠᠵᠠᠷ ᠲᠤ ᠨᠢᠭᠡᠨᠲᠡ ᠶᠡᠭᠡ ᠴᠠᠰᠤ ᠣᠷᠣᠵᠤ᠂ ᠶᠡᠭᠡ ᠴᠠᠰᠤᠨ ᠤ ᠨᠥᠯᠥᠭᠡ ᠪᠠᠷ ᠵᠢᠨᠠᠨ ᠬᠤᠲᠠ ᠶᠢᠨ ᠪᠤᠶ ᠪᠦᠬᠦᠢ ᠳᠤᠮᠳᠠᠳᠤ ᠪᠠᠭ᠎ᠠ ᠰᠤᠷᠭᠠᠭᠤᠯᠢ ︵ᠠᠷᠠᠳ ᠠᠴᠠ ᠡᠷᠭᠢᠯᠡᠭᠰᠡᠨ ᠰᠤᠷᠭᠠᠭᠤᠯᠢ ᠪᠠᠭᠲᠠᠨ᠎ᠠ︶ 3 ᠰᠠᠷ᠎ᠠ ᠶᠢᠨ 3 ᠤ ᠡᠳᠦᠷ ᠨᠢᠭᠡ ᠡᠳᠦᠷ ᠬᠢᠴᠢᠶᠡᠯ ᠵᠣᠭᠰᠣᠪᠠ᠃    ᠥᠴᠥᠭᠡᠳᠦᠷ ᠤᠨ 9 ᠴᠠᠭ ᠠᠴᠠ ᠥᠨᠥᠳᠥᠷ ᠤᠨ 9 ᠴᠠᠭ ᠪᠣᠯᠲᠠᠯ᠎ᠠ ᠵᠢᠨᠠᠨ ᠬᠤᠲᠠ ᠶᠢᠨ ᠠᠭᠠᠷ ᠤᠨ ᠳᠤᠯᠠᠭᠠᠨ ᠣᠭᠵᠣᠮ ᠳᠣᠷᠣᠭᠰᠢᠯᠠᠵᠤ᠂ ᠵᠢᠨᠠᠨ ᠥᠴᠥᠭᠡᠳᠦᠷ ᠣᠷᠣᠢ ᠠᠴᠠ ᠡᠬᠢᠯᠡᠨ ᠪᠣᠷᠣᠭᠠᠨ ᠣᠷᠣᠵᠤ᠂ ᠡᠨᠡ ᠦᠳᠡ ᠳᠤ ᠣᠬᠤᠷᠬᠠᠨ ᠬᠤᠭᠤᠴᠠᠭᠠᠨ ᠳᠤ ᠴᠠᠰᠤ ᠪᠣᠷᠣᠭᠠᠨ ᠬᠤᠯᠢᠯᠳᠤᠨ ᠣᠷᠣᠵᠤ᠂ ᠳᠠᠷᠠᠭ᠎ᠠ ᠪᠠᠷ ᠨᠢ ᠴᠠᠰᠤ ᠯᠠᠪᠰᠠᠯᠠᠪᠠ᠃ ᠣᠳᠣ ᠪᠣᠯᠲᠠᠯ᠎ᠠ ᠵᠢᠨᠠᠨ ᠬᠤᠲᠠ ᠶᠢᠨ ᠡᠷᠭᠢᠨ ᠲᠣᠭᠤᠷᠢᠨ ᠤ ᠪᠤᠶ ᠪᠦᠬᠦᠢ ᠰᠦᠢᠳᠬᠡᠯ ᠬᠤᠷᠢᠶᠠᠬᠤ ᠥᠷᠲᠡᠭᠡ ᠴᠥᠮ ᠡᠭᠦᠳᠡ ᠪᠠᠨ ᠬᠠᠭᠠᠭᠰᠠᠨ ᠪᠠᠶᠢᠳᠠᠯ ᠳᠤ ᠣᠷᠣᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号